ᠬᠠᠷᠠᠴᠢᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ — — ︽ᠪᠠᠭ᠎ᠠ ᠰᠤᠷᠭᠠᠭᠤᠯᠢ ᠠᠴᠠ ᠪᠠᠨ ᠨᠠᠮ ᠤᠨ ᠲᠡᠤᠬᠡ  ᠶᠢ ᠰᠤᠷᠤᠯᠴᠠᠵᠤ ᠡᠭᠦᠷᠢᠳᠡ ᠨᠠᠮ ᠢᠶᠠᠨ ᠳᠠᠭᠠᠨ᠎ᠠ︾ ᠭᠡᠬᠦ ᠭᠤᠤᠯ ᠰᠡᠳᠦᠪᠲᠦ ᠬᠥᠮᠦᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/4/14

   ᠰᠤᠷᠭᠠᠭᠤᠯᠢ ᠡᠬᠢᠯᠡᠬᠦ ᠲᠠᠰᠢᠷᠠᠮ ᠳᠤ ᠬᠠᠷᠠᠴᠢᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ

ᠪᠠᠭ᠎ᠠ ᠰᠤᠷᠭᠠᠭᠤᠯᠢ ︽ᠪᠠᠭ᠎ᠠ ᠰᠤᠷᠭᠠᠭᠤᠯᠢ ᠠᠴᠠ ᠪᠠᠨ ᠨᠠᠮ ᠤᠨ ᠲᠡᠤᠬᠡ  ᠶᠢ ᠰᠤᠷᠤᠯᠴᠠᠵᠤ ᠡᠭᠦᠷᠢᠳᠡ ᠨᠠᠮ ᠢᠶᠠᠨ

ᠳᠠᠭᠠᠨ᠎ᠠ︾ ᠭᠡᠬᠦ ᠭᠤᠤᠯ ᠰᠡᠳᠦᠪᠲᠦ ᠬᠥᠮᠦᠵᠢᠯ ᠤᠨ ᠠᠩᠬᠠᠨ ᠤ ᠬᠢᠴᠢᠶᠡᠯ ᠡᠬᠢᠯᠡᠪᠡ᠃

   ᠰᠤᠷᠭᠠᠭᠤᠯᠢ ᠶᠢᠨ ᠵᠠᠬᠢᠷᠤᠯ ᠯᠢ ᠶᠠ ᠰᠧ ︽ᠨᠠᠮ ᠤᠨ ᠵᠠᠭᠤᠨ ᠵᠢᠯ ᠤᠨ ᠭᠡᠷᠡᠯ ᠭᠢᠯᠪᠠᠭ᠎ᠠ ᠶᠢ ᠤᠮᠳᠠᠯᠠᠵᠤ᠂

ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠢᠷᠠᠭᠤ ᠠᠯᠳᠠᠷᠲᠤ ᠡᠭᠦᠷᠭᠡ ᠶᠢ ᠪᠡᠶᠡᠯᠡᠭᠦᠯᠦᠶ᠎ᠡ︾

ᠭᠡᠬᠦ ᠭᠤᠣᠯ ᠰᠡᠳᠦᠪᠲᠦ ᠶᠠᠷᠢᠶ᠎ᠠ ᠲᠠᠯᠪᠢᠪᠠ᠃ ᠲᠡᠷᠡ ᠨᠠᠮ ᠤᠨ ᠲᠡᠦᠬᠡ ᠶᠢ ᠡᠷᠭᠢᠴᠡᠭᠦᠯᠵᠦ᠂ ᠰᠤᠷᠭᠠᠭᠤᠯᠢ ᠶᠢᠨ

ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠭᠠᠭᠤᠯᠢ ᠳᠤ ᠬᠦᠰᠡᠯ ᠵᠡᠭᠦᠳᠦ ᠪᠠᠨ ᠵᠢᠷᠤᠭᠯᠠᠵᠤ᠂

ᠪᠠᠭᠰᠢ ᠰᠤᠷᠤᠭᠴᠢᠳ ᠲᠤ ᠴᠢᠩ ᠰᠡᠳᠬᠢᠯ ᠤᠨ ᠬᠦᠰᠡᠯ ᠡᠷᠡᠮᠡᠯᠵᠡᠯ ᠲᠠᠯᠪᠢᠵᠠᠢ᠃

   ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠡᠷᠬᠢᠯᠡᠭᠴᠢ ᠶᠢᠨ ᠫᠧᠩ ᠠᠴᠠ ᠲᠤᠷᠰᠢᠯᠲᠠ ᠶᠢᠨ

ᠪᠠᠭ᠎ᠠ ᠰᠤᠷᠭᠠᠭᠤᠯᠢ ᠶᠢᠨ ︽ᠨᠠᠮ ᠤᠨ ᠲᠡᠤᠬᠡ ᠶᠢ ᠪᠠᠭ᠎ᠠ ᠰᠤᠷᠭᠠᠭᠤᠯᠢ ᠠᠴᠠ ᠡᠬᠢᠯᠡᠨ ᠰᠤᠷᠤᠯᠴᠠᠵᠤ᠂ ᠥᠨᠢ

ᠡᠭᠦᠷᠢᠳᠡ ᠨᠠᠮ ᠢᠶᠠᠨ ᠳᠠᠭᠠᠨ᠎ᠠ︾ ᠭᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠶᠢᠨ ᠲᠥᠰᠦᠯ ᠢ ᠲᠠᠨᠢᠯᠴᠠᠭᠤᠯᠪᠠ᠃

  ᠪᠥᠬᠦ ᠪᠠᠭᠰᠢ ᠨᠠᠷ ︽ᠡᠪ ᠬᠠᠮᠲᠤ ᠨᠠᠮ ᠪᠠᠶᠢᠬᠤ ᠥᠬᠡᠶ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ

ᠥᠬᠡᠶ︾ ᠭᠡᠬᠦ ᠬᠠᠮᠲᠤ ᠶᠢᠨ ᠳᠠᠭᠤᠤ ᠶᠢ ᠳᠠᠭᠤᠯᠠᠵᠤ᠂ ᠰᠤᠷᠭᠠᠭᠤᠯᠢ ᠶᠢᠨ ᠬᠦᠷᠢᠶᠡᠨ ᠳᠤ ᠬᠠᠩᠭᠢᠨᠠᠲᠠᠯ᠎ᠠ

ᠳᠠᠭᠤᠷᠢᠰᠤᠯ᠎ᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号