ᠤᠯᠤᠰ ᠤᠨ ᠴᠠᠬᠢᠯᠭᠠᠨ ᠲᠣᠤᠷ ᠤᠨ ᠬᠠᠷᠠᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠄ ᠨᠠᠮ ᠤᠨ ᠲᠡᠤᠬᠡ ᠶᠢ ᠰᠤᠷᠤᠯᠴᠠᠵᠤ ᠬᠦᠴᠦᠨ ᠴᠢᠳᠠᠯ ᠢᠶᠠᠨ ᠨᠢᠭᠲᠠᠷᠠᠭᠤᠯᠤᠨ᠎ᠠ
ᠨᠡᠶᠢᠲᠡᠯᠡᠭᠰᠡᠨ ᠴᠠᠭ᠄
2021/4/14

   ᠣᠶᠢᠷ᠎ᠠ ᠳᠤ᠂ ᠤᠯᠤᠰ ᠤᠨ ᠴᠠᠬᠢᠯᠭᠠᠨ ᠲᠣᠤᠷ ᠤᠨ ᠬᠠᠷᠠᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ︽

ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ︾ ᠭᠡᠬᠦ ᠭᠤᠤᠯ ᠰᠡᠳᠦᠪ ᠤᠨ ᠭᠤᠤᠯ ᠵᠣᠷᠢᠯᠲᠠ ᠶᠢᠨ ᠲᠣᠭᠤᠷᠢᠨ ᠳᠤ

︽ᠨᠠᠮ ᠤᠨ ᠪᠠᠶᠢᠭᠤᠯᠤᠯᠲᠠ ᠶᠢᠨ ᠭᠦᠨᠵᠡᠭᠡᠶ ᠠᠭᠤᠰᠤᠯᠴᠠᠯ ᠢ ᠪᠡᠯᠭᠡᠯᠡᠵᠦ᠂ ᠨᠠᠮ ᠤᠨ ᠲᠡᠤᠬᠡ ᠶᠢ ᠰᠤᠷᠤᠯᠴᠠᠬᠤ ᠶᠢ

ᠵᠡᠷᠭᠡᠪᠡᠷ ᠠᠬᠢᠭᠤᠯᠬᠤ︾ ᠠᠵᠢᠯᠯᠠᠭ᠎ᠠ ᠶᠢ ᠢᠳᠡᠪᠬᠢᠲᠡᠶ ᠳᠥᠯᠭᠢᠨ ᠠᠬᠢᠭᠤᠯᠵᠤ᠂ ᠨᠠᠮ ᠤᠨ ᠲᠡᠤᠬᠡ ᠶᠢ ᠰᠤᠷᠤᠯᠴᠠᠬᠤ

ᠬᠠᠯᠠᠭᠤᠨ ᠥᠷᠨᠢᠯᠲᠡ ᠭᠠᠷᠭᠠᠪᠠ᠃

   ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠬᠡᠯᠲᠡᠰ ᠠᠴᠠ ᠨᠠᠮ ᠤᠨ ᠭᠡᠰᠢᠭᠦᠨ ᠢ ᠵᠣᠬᠢᠶᠠᠨ

ᠪᠠᠶᠢᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ︾ ︵ᠨᠢᠭᠡᠳᠦᠭᠡᠷ ᠪᠣᠲᠢ᠂ ᠬᠤᠶᠠᠳᠤᠭᠠᠷ ᠪᠣᠲᠢ

︶     ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠵᠡᠷᠭᠡ ᠤᠯᠤᠰ ᠲᠥᠷᠥ ᠶᠢᠨ ᠣᠨᠣᠯ ᠢ

ᠰᠤᠷᠤᠯᠴᠠᠭᠤᠯᠬᠤ ᠪᠠᠷ ᠳᠠᠮᠵᠢᠭᠤᠯᠤᠨ᠂ ᠨᠠᠮ ᠤᠨ ᠲᠡᠦᠬᠡ ᠶᠢᠨ ᠮᠡᠳᠡᠯᠭᠡ ᠶᠢᠨ ᠰᠤᠷᠤᠯᠴᠠᠯᠭ᠎ᠠ ᠶᠢ ᠬᠢᠨᠠᠮᠠᠭᠠᠶ

ᠥᠷᠨᠢᠭᠦᠯᠵᠦ᠂      ︽ᠨᠠᠮ ᠤᠨ ᠲᠡᠦᠬᠡ︾ ᠶᠢᠨ ᠰᠤᠷᠤᠯᠴᠠᠯᠭ᠎ᠠ ᠶᠢ ᠰᠢᠨ᠎ᠡ ᠵᠢᠯ ᠤᠨ ᠡᠬᠢᠯᠡᠯᠲᠡ ᠶᠢᠨ ᠴᠢᠬᠤᠯᠠ

ᠡᠭᠦᠷᠭᠡ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ᠂ ᠲᠤᠰᠬᠠᠢ

ᠮᠡᠷᠭᠡᠵᠢᠯ ᠤᠨ ᠠᠵᠢᠯ ᠢᠶᠠᠨ ᠤᠰᠤᠯᠳᠠᠭᠤᠯᠤᠯ ᠦᠭᠡᠢ᠂ ᠨᠠᠮ ᠤᠨ ᠲᠡᠦᠬᠡ ᠶᠢᠨ ᠰᠤᠷᠤᠯᠴᠠᠯᠭ᠎ᠠ ︽ᠡᠭᠦᠳᠡ ᠪᠠᠨ

ᠬᠠᠭᠠᠬᠤ ᠦᠭᠡᠢ︾ ᠪᠠᠶᠢᠬᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ︽ᠨᠠᠮ ᠤᠨ

ᠲᠡᠦᠬᠡ ᠶᠢᠨ ᠥᠨᠥᠳᠦᠷ︾ ᠭᠡᠬᠦ ᠪᠤᠯᠤᠩ ᠢᠶᠠᠷ ᠲᠦᠰᠢᠭ ᠪᠣᠯᠭᠠᠵᠤ᠂ ᠨᠠᠮ ᠤᠨ ᠠᠭᠤᠤ ᠶᠡᠭᠡ ᠲᠡᠦᠬᠡᠨ ᠠᠮᠵᠢᠯᠲᠠ

ᠪᠣᠯᠤᠨ ᠡᠷᠬᠢᠮ ᠨᠠᠨᠳᠢᠨ ᠲᠤᠷᠰᠢᠯᠭ᠎ᠠ ᠶᠢᠨ ᠥᠪ ᠬᠦᠷᠦᠩᠬᠡ ᠶᠢ ᠰᠤᠷᠤᠯᠴᠠᠵᠤ᠂ ᠨᠠᠮ ᠤᠨ ᠲᠡᠦᠬᠡ ᠶᠢᠨ ᠦᠯᠢᠭᠡᠷ ᠢ

ᠰᠠᠶᠢᠲᠤᠷ ᠶᠠᠷᠢᠵᠤ᠂ ᠢᠲᠡᠭᠡᠯ ᠪᠢᠰᠢᠷᠡᠯ ᠤᠨ ᠤᠴᠢ ᠶᠢ ᠰᠠᠴᠤᠵᠤ᠂ ᠺᠣᠮᠫᠠᠨᠢ ᠶᠢᠨ ᠥᠷᠭᠡᠨ ᠤᠯᠠᠨ ᠨᠠᠮ ᠤᠨ

ᠭᠡᠰᠢᠭᠦᠨ ᠢ ᠬᠦᠳᠦᠯᠥᠨ ᠳᠠᠭᠠᠭᠤᠯᠵᠤ ᠨᠠᠮ ᠤᠨ ᠲᠡᠦᠬᠡ ᠶᠢᠨ ᠰᠤᠷᠤᠯᠴᠠᠯᠭ᠎ᠠ ᠠᠴᠠ ᠡᠷᠡᠯᠬᠡᠭᠯᠡᠨ ᠤᠷᠤᠭᠰᠢᠯᠠᠬᠤ

ᠬᠦᠴᠦᠨ ᠢ ᠰᠢᠩᠭᠡᠭᠡᠨ ᠠᠪᠴᠤ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠦ

ᠪᠠᠶᠢᠨ᠎ᠠ᠃

   

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号