ᠨᠤᠲᠤᠭ ᠪᠡᠯᠴᠢᠭᠡᠷ ᠣᠶᠢᠲᠤ ᠤᠷᠤᠨ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠮᠳᠠ ᠵᠠᠬᠢᠳᠠᠯ ᠰᠤᠷᠪᠤᠯᠵᠢᠯᠠᠯ ᠤᠨ ᠮᠠᠶ᠋ᠢᠭ ᠢᠶᠠᠷ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/4/14
   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ 2021 ᠣᠨ ᠳᠤ ᠪᠥᠬᠦ ᠬᠤᠰᠢᠭᠤᠨ ᠤ ᠬᠡᠪᠴᠢᠶᠡᠨ ᠳᠤ ᠨᠢᠭᠡ ᠵᠢᠯ ᠤᠨ ᠬᠤᠭᠤᠴᠠᠭ᠎ᠠ ᠲᠠᠢ ᠨᠤᠲᠤᠭ ᠪᠡᠯᠴᠢᠭᠡᠷ ᠣᠶᠢᠲᠤ ᠤᠷᠤᠨ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡ ᠵᠢᠯ ᠤᠨ ᠬᠤᠭᠤᠴᠠᠭ᠎ᠠ ᠲᠠᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ ᠤ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠬᠤ ᠶᠢ ᠪᠠᠶᠠᠷᠯᠠᠨ ᠤᠭᠲᠤᠨ᠎ᠠ᠃    ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ        2010 ᠣᠨ ᠠᠴᠠ ᠨᠠᠰᠢᠬᠢ ᠡᠯ᠎ᠡ ᠲᠥᠷᠥᠯ ᠤᠨ ᠲᠦᠷᠢᠮ ᠲᠣᠭᠲᠠᠭᠠᠯ ᠬᠠᠤᠯᠢ ᠴᠠᠭᠠᠵᠠ ᠠᠴᠠ ᠵᠥᠷᠢᠴᠡᠨ ᠨᠤᠲᠤᠭ ᠪᠡᠯᠴᠢᠭᠡᠷ ᠤᠨ ᠣᠶᠢᠲᠤ ᠤᠷᠤᠨ ᠢ ᠡᠪᠳᠡᠭᠰᠡᠨ ᠠᠵᠢᠯᠯᠠᠭ᠎ᠠ᠂ ᠢᠯᠠᠩᠭᠤᠶ᠎ᠠ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠦᠭᠰᠡᠨ ᠠᠴᠠ ᠨᠠᠰᠢ ᠮᠥᠨ ᠬᠦ ᠥᠰᠢᠯᠳᠦᠨ ᠬᠡᠷᠡᠭ ᠦᠢᠯᠡᠳᠴᠦ᠂ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠤᠨ ᠣᠶᠢᠲᠤ ᠤᠷᠤᠨ ᠢ ᠡᠪᠳᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠵᠡᠷᠭᠡ ᠠᠰᠠᠭᠤᠳᠠᠯ︔ ᠵᠢᠴᠢ 2010 ᠣᠨ ᠠᠴᠠ ᠨᠠᠰᠢ ᠲᠦᠷᠢᠮ ᠲᠣᠭᠲᠠᠭᠠᠯ ᠬᠠᠤᠯᠢ ᠴᠠᠭᠠᠵᠠ ᠠᠴᠠ ᠵᠥᠷᠢᠴᠡᠨ ᠨᠤᠲᠤᠭ ᠪᠡᠯᠴᠢᠭᠡᠷ ᠤᠨ ᠣᠶᠢᠲᠤ ᠤᠷᠤᠨ ᠢ ᠡᠪᠳᠡᠭᠰᠡᠨ ᠦᠢᠯᠡ ᠠᠵᠢᠯᠯᠠᠭ᠎ᠠ ᠶᠢ ᠲᠣᠷᠭᠠᠭᠰᠠᠨ ᠨᠢ ᠵᠣᠬᠢᠰ ᠥᠬᠡᠶ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠭᠰᠡᠨ᠂ ᠲᠣᠷᠭᠠᠭᠤᠯᠢ ᠪᠠᠷ ᠡᠷᠡᠭᠦᠤ ᠶᠢᠨ ᠰᠢᠳᠬᠡᠯ ᠢ ᠣᠷᠣᠯᠠᠭᠤᠯᠤᠭᠰᠠᠨ ᠵᠡᠷᠭᠡ ᠠᠰᠠᠭᠤᠳᠠᠯ᠃    ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ        ᠨᠡᠶᠢᠭᠡᠮ ᠤᠨ ᠡᠯ᠎ᠡ ᠡᠲᠡᠭᠡᠳ ᠤᠨ ᠬᠢᠨ ᠮᠠᠨ ᠤ ᠬᠤᠰᠢᠭᠤᠨ ᠳᠠᠬᠢ ᠨᠤᠲᠤᠭ ᠪᠡᠯᠴᠢᠭᠡᠷ ᠤᠨ ᠣᠶᠢᠲᠤ ᠤᠷᠤᠨ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠣᠨ᠎ᠠ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃    ᠵᠠᠬᠢᠳᠠᠯ ᠢᠷᠡᠭᠦᠯᠬᠦ ᠬᠠᠶ᠋ᠢᠭ᠄ ᠬᠠᠷᠠᠴᠢᠨ ᠬᠤᠰᠢᠭᠤᠨ ᠤ ᠵᠢᠨᠱᠠᠨ ᠶᠡᠭᠡ ᠵᠡᠭᠡᠯᠢ ᠶᠢᠨ 113 ᠳ᠋ᠤᠭᠠᠷ ᠨᠣᠮᠧᠷᠲᠤ ᠬᠠᠷᠠᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ       ᠰᠢᠤᠳᠠᠨ ᠳ᠋ᠤᠭᠠᠷ 024400    ᠰᠤᠷᠪᠤᠯᠵᠢᠯᠠᠯ ᠬᠢᠬᠦ ᠪᠠᠷ ᠢᠷᠡᠬᠦ ᠬᠠᠶ᠋ᠢᠭ᠄ ᠬᠠᠷᠠᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ    ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ klqqlcj@qq.com    ᠢᠯᠡᠴᠢᠯᠡᠨ ᠮᠡᠳᠡᠭᠦᠯᠬᠦ ᠤᠲᠠᠰᠤ᠄ 0476 — 3752760    ᠰᠤᠷᠪᠤᠯᠵᠢᠯᠠᠯ ᠶᠢ ᠬᠦᠯᠢᠶᠡᠨ ᠠᠪᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 — 11᠄ 30 ᠦᠳᠡ ᠶᠢᠨ ᠬᠤᠶᠢᠨᠠᠬᠢ 14᠄ 30 — 17᠄ 30            ᠬᠠᠷᠠᠴᠢᠨ ᠬᠤᠰᠢᠭᠤᠨ ᠤ ᠨᠤᠲᠤᠭ ᠪᠡᠯᠴᠢᠭᠡᠷ ᠣᠶᠢᠲᠤ ᠤᠷᠤᠨ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ            ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠶᠡᠷᠦᠩᠬᠡᠶᠢᠯᠡᠭᠰᠡᠨ ᠵᠣᠬᠢᠴᠠᠭᠤᠯᠬᠤ ᠳᠤᠭᠤᠶᠢᠯᠠᠩ        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号