ᠶᠢᠨ ᠶᠤᠸᠠᠨ ᠨᠡᠶᠢᠭᠡᠮ ᠲᠣᠭᠤᠷᠢᠭ ᠤᠨ ᠶᠠᠩᠭᠠᠷ ᠪᠥᠵᠢᠭ ᠤᠨ ᠪᠠᠭ ᠶᠠᠩᠭᠠᠷ ᠪᠥᠵᠢᠭ ᠤᠨ ᠲᠣᠭᠯᠠᠯᠲᠠ ᠪᠠᠷ ︽3 · 8︾ ᠢ ᠤᠭᠲᠤᠵᠤ ︽ᠬᠤᠶᠠᠷ ᠬᠤᠷᠠᠯ︾ ᠢ ᠪᠡᠯᠭᠡᠯᠡᠪᠡ
ᠨᠡᠶᠢᠲᠡᠯᠡᠭᠰᠡᠨ ᠴᠠᠭ᠄
2021/4/15
   ᠳᠡᠯᠡᠬᠡᠶ ᠶᠢᠨ ᠡᠮᠡᠭᠲᠡᠶᠢᠴᠦᠳ ᠤᠨ ᠵᠠᠭᠤ ᠠᠷᠪᠠᠨ ᠨᠢᠭᠡᠳᠡᠭᠴᠢ ᠤᠳᠠᠭᠠᠨ ᠤ ︽3 · 8︾ ᠤ ᠪᠠᠶᠠᠷ ᠬᠦᠷᠴᠦ ᠢᠷᠡᠬᠦ ᠲᠠᠰᠢᠷᠠᠮ ᠢᠶᠠᠷ ᠬᠠᠷᠠᠴᠢᠨ ᠬᠤᠰᠢᠭᠤᠨ ᠤ ᠶᠢᠨ ᠶᠤᠸᠠᠨ ᠨᠡᠶᠢᠭᠡᠮ ᠲᠣᠭᠤᠷᠢᠭ ᠤᠨ ᠶᠠᠩᠭᠠᠷ ᠪᠥᠵᠢᠭ ᠤᠨ ᠠᠩᠭᠢ ᠶᠢᠨ ᠡᠮᠡᠭᠲᠡᠶᠢᠴᠦᠳ ᠤᠨ ᠲᠥᠯᠥᠭᠡᠯᠡᠭᠴᠢᠳ ᠬᠤ᠋ ᠪᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠭᠤᠶᠢᠳᠠ ᠰᠠᠶᠢᠬᠠᠨ ᠶᠠᠩᠭᠠᠷ ᠪᠥᠵᠢᠭ ᠤᠨ ᠲᠣᠭᠯᠠᠯᠲᠠ ᠰᠤᠨᠢᠷᠬᠠᠭᠤᠯᠪᠠ᠃
    ᠶᠢᠨ ᠶᠤᠸᠠᠨ ᠨᠡᠶᠢᠭᠡᠮ ᠲᠣᠭᠤᠷᠢᠭ ᠤᠨ ᠶᠠᠩᠭᠠᠷ ᠪᠥᠵᠢᠭ ᠤᠨ ᠠᠩᠭᠢ ᠶᠢᠨ ᠬᠠᠷᠢᠭᠤᠴᠠᠯᠭᠠᠲᠠᠨ ᠶᠠᠩ ᠵᠢᠶᠦ᠋ᠨ ᠸᠧᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠥᠨᠥᠳᠦᠷ ᠪᠣᠯ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠡᠳᠦᠷ ᠮᠥᠨ᠂ ᠶᠢᠨ ᠶᠤᠸᠠᠨ ᠨᠡᠶᠢᠭᠡᠮ ᠲᠣᠭᠤᠷᠢᠭ ᠤᠨ ᠶᠠᠩᠭᠠᠷ ᠪᠥᠵᠢᠭ ᠤᠨ ᠠᠩᠭᠢ ᠶᠢᠨ ᠪᠦᠬᠦ ᠡᠭᠡᠴᠢ ᠳᠡᠭᠦᠦ ᠨᠡᠷ ᠥᠨᠥᠳᠦᠷ ᠬᠡᠭᠡᠨᠴᠢᠷ ᠬᠤᠪᠴᠠᠰᠤ ᠡᠮᠦᠰᠦᠨ ᠬᠤ᠋ ᠪᠢᠨ ᠠᠭᠤᠳᠠᠮ ᠲᠠᠯᠠᠪᠠᠶ ᠳᠤ ᠢᠷᠡᠵᠦ᠂ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠢ ᠤᠭᠲᠤᠵᠤ ᠪᠠᠶᠢᠨ᠎ᠠ᠂ ᠡᠭᠡᠴᠢ ᠳᠡᠭᠦᠦ ᠨᠡᠷ ᠶᠠᠩᠭᠠᠷ ᠪᠥᠵᠢᠭ ᠤᠨ ᠠᠶ᠎ᠠ ᠪᠠᠷ ᠪᠠᠶᠠᠷᠯᠠᠨ ᠪᠥᠵᠢᠭᠯᠡᠵᠦ᠂ ᠬᠤᠶᠠᠷ ᠬᠤᠷᠠᠯ ᠢ ᠤᠭᠲᠤᠬᠤ ᠶᠢᠨ ᠲᠥᠯᠥᠭᠡ ᠵᠡᠭᠦᠨ ᠬᠤᠶᠢᠲᠤ ᠶᠢᠨ ᠶᠠᠩᠭᠠᠷ ᠪᠥᠵᠢᠭ ᠢ ᠬᠠᠩᠭᠢᠨᠠᠭᠤᠯᠵᠤ᠂ ᠮᠠᠨ ᠤ ᠡᠬᠡ ᠣᠷᠣᠨ ᠤ ᠪᠠᠨ ᠴᠡᠴᠡᠭᠯᠡᠨ ᠬᠥᠭᠵᠢᠵᠦ᠂ ᠤᠯᠤᠰ ᠣᠷᠣᠨ ᠤ ᠪᠠᠨ ᠪᠠᠶᠠᠵᠢᠨ ᠬᠦᠴᠦᠷᠬᠡᠭᠵᠢᠬᠦ ᠶᠢ ᠢᠷᠥᠭᠡᠵᠦ ᠪᠠᠶᠢᠨ᠎ᠠ︾ ᠭᠡᠪᠡ᠃  

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号