ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠶ ᠰᠡᠳᠦᠪᠲᠦ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/4/15

   ᠣᠶᠢᠷ᠎ᠠ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠴᠠ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠳ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾

ᠲᠤᠰᠬᠠᠶ ᠰᠡᠳᠦᠪᠲᠦ ᠪᠣᠯᠪᠠᠰᠤᠷᠠᠯ ᠬᠦᠷᠲᠡᠭᠡᠪᠡ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋

ᠲᠡᠷᠢᠭᠦᠯᠡᠭᠴᠢ ᠯᠢᠦ ᡁᠢ ᠬᠤᠢ ᠬᠤᠷᠠᠯ ᠢ ᠡᠷᠭᠢᠯᠡᠪᠡ᠃

   ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ

ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢ ᠬᠦᠶ

ᠹᠠᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠤᠷᠠᠯ ᠨᠢ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ

ᠪᠠᠲᠤᠳᠬᠠᠨ ᠪᠠᠬᠢᠵᠢᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ

ᠰᠠᠶᠢᠵᠢᠷᠠᠭᠤᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠥᠮᠦᠨ ᠤ

ᠰᠡᠳᠬᠢᠯ ᠪᠠ ᠬᠦᠴᠦᠨ ᠴᠢᠳᠠᠯ ᠢ ᠨᠢᠭᠲᠠᠷᠠᠭᠤᠯᠬᠤ ᠶᠢᠨ ᠲᠥᠯᠥᠭᠡ ᠶᠤᠮ ᠭᠡᠪᠡ᠃

   ᠯᠢ ᠬᠦᠢ ᠹᠠᠩ ᠴᠢᠩᠭᠠᠳᠬᠠᠭᠰᠠᠨ ᠨᠢ᠂ ᠤᠯᠤᠰ ᠲᠦᠷᠦ ᠶᠢᠨ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ

ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠡᠯ᠎ᠡ ᠱᠠᠲᠤᠨ ᠤ ᠤᠯᠤᠰ ᠲᠦᠷᠦ ᠶᠢᠨ

ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠭᠡᠰᠢᠭᠦᠳ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠴᠢᠩᠭᠠᠳᠬᠠᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ

ᠨᠠᠶᠢᠳᠠᠪᠤᠷᠢᠵᠢᠭᠤᠯᠵᠤ ᠦᠷ᠎ᠡ ᠵᠢᠮᠢᠰ ᠰᠠᠭᠤᠯᠭᠠᠬᠤ ᠶᠢ ᠦᠨᠡᠨ ᠬᠦ ᠪᠠᠲᠤᠯᠠᠬᠤ ᠬᠡᠷᠡᠭᠳᠡᠢ ᠭᠡᠪᠡ᠃

   ᠯᠢᠦ ᡁᠢ ᠬᠤᠢ ᠴᠢᠩᠭᠠᠳᠬᠠᠭᠰᠠᠨ ᠨᠢ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂

ᠤᠯᠤᠰ ᠲᠦᠷᠦ ᠶᠢᠨ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭᠠᠨ ᠤ

ᠰᠠᠭᠤᠷᠢ ᠶᠢ ᠪᠠᠬᠢᠵᠢᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ

ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ

ᠨᠢᠭᠡᠳᠦᠯᠲᠡᠢ ᠪᠠᠶᠢᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ

ᠡᠨᠡᠬᠦ ᠭᠤᠣᠯ ᠱᠤᠭᠤᠮ ᠢ ᠪᠠᠲᠤ ᠪᠠᠬᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ

ᠦᠨᠳᠦᠰᠦᠨ ᠴᠢᠭᠯᠡᠯ ᠢ ᠪᠠᠲᠤ ᠡᠵᠡᠮᠰᠢᠨ᠂ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾

ᠲᠦᠯᠦᠪᠵᠢᠭᠦᠯᠭᠡ ᠵᠦᠭ ᠲᠤᠮᠤ ᠠᠯᠬᠤᠮ ᠢᠶᠠᠷ ᠤᠷᠤᠭᠰᠢᠯᠠᠬᠤ᠂ ᠴᠢᠨᠠᠷ ᠰᠠᠶᠢᠲᠠᠶ ᠬᠥᠭᠵᠢᠯᠲᠡ ᠶᠢᠨ ᠠᠬᠢᠴᠠ ᠶᠢ

ᠲᠦᠷᠭᠡᠳᠬᠡᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ

ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ

ᠦᠵᠡᠭᠦᠯᠬᠦ ᠬᠡᠷᠡᠭᠲᠡᠶ ᠭᠡᠪᠡ᠃

   ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠰᠢᠤᠢ

ᠵᠢᠶᠠᠨ ᠴᠢᠩ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤᠳᠬᠠᠬᠤ ᠪᠠᠷ ᠭᠤᠤᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠶ᠎ᠠ︾ ᠭᠡᠬᠦ ᠰᠡᠳᠦᠪ ᠢᠶᠠᠷ

ᠲᠤᠰᠬᠠᠶ ᠰᠡᠳᠦᠪᠲᠦ ᠲᠠᠶᠢᠯᠤᠮᠵᠢ ᠬᠢᠪᠠ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号