ᠨᠠᠷᠢᠨ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/4/19

   ᠣᠶᠢᠷ᠎ᠠ ᠳᠤ᠂ ᠨᠠᠷᠢᠨ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠱᠢ

ᠵᠢᠶᠠ ᠮᠠᠨᠵᠤ ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ᠂ ᠲᠣᠮᠢᠯᠠᠭᠰᠠᠨ ᠰᠠᠯᠪᠤᠷᠢ᠂ ᠠᠶᠤᠯᠭᠦᠶ  

ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ

ᠪᠠᠶᠢᠭᠤᠯᠵᠤ᠂ ᠱᠢ ᠵᠢᠶᠠ ᠮᠠᠨᠵᠤ ᠦᠨᠳᠦᠰᠦᠲᠡᠨ ᠤ ᠰᠢᠶᠠᠩ ᠤᠨ ᠬᠠᠷᠢᠶᠠᠨ ᠳᠠᠬᠢ ᠣᠨᠴᠠ ᠲᠥᠷᠥᠯ ᠤᠨ ᠲᠣᠨᠤᠭ

ᠲᠥᠬᠦᠭᠡᠷᠦᠮᠵᠢ ᠶᠢ ᠬᠡᠷᠡᠭᠯᠡᠬᠦ ᠨᠢᠭᠡᠴᠡ ᠳᠤ ᠠᠶᠤᠯᠭᠦᠶ ᠶᠢᠨ ᠪᠠᠶᠢᠴᠠᠭᠠᠯᠲᠠ ᠬᠢᠪᠠ᠃

   ᠡᠨᠡ ᠤᠳᠠᠭᠠᠨ ᠤ ᠪᠠᠶᠢᠴᠠᠭᠠᠯᠲᠠ ᠨᠢ ᠭᠤᠣᠯᠳᠠᠭᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ

ᠬᠡᠷᠡᠭᠯᠡᠵᠦ ᠪᠠᠶᠢᠭ᠎ᠠ ᠨᠢᠭᠡᠴᠢ ᠶᠢᠨ ᠬᠢᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠣᠭᠲᠠᠭᠠᠵᠤ

ᠨᠠᠶᠢᠳᠠᠪᠤᠷᠢᠵᠢᠭᠤᠯᠤᠭᠰᠠᠨ ᠡᠰᠡᠬᠦ ᠪᠠ ᠬᠡᠷᠡᠭᠵᠢᠭᠦᠯᠦᠭᠰᠡᠨ ᠪᠠᠶᠢᠳᠠᠯ ᠳᠤ ᠴᠢᠭᠯᠡᠭᠦᠯᠵᠦ᠂ ᠣᠨᠴᠠ ᠲᠦᠷᠦᠯ ᠤᠨ ᠲᠤᠨᠤᠭ

ᠲᠥᠬᠦᠭᠡᠷᠦᠮᠵᠢ ᠳᠤ ᠬᠡᠷᠡᠭᠯᠡᠬᠦ ᠲᠠᠩᠰᠠᠯᠠᠯᠳᠠ ᠶᠢᠨ ᠦᠨᠡᠮᠯᠡᠯ ᠪᠠᠶᠢᠬᠤ ᠡᠰᠡᠬᠦ︔ ᠣᠨᠴᠠ ᠲᠦᠷᠦᠯ ᠤᠨ ᠲᠤᠨᠤᠭ

ᠲᠥᠬᠦᠭᠡᠷᠦᠮᠵᠢ ᠶᠢᠨ ᠠᠵᠢᠯᠯᠠᠭᠴᠢᠳ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ︔ ᠣᠨᠴᠠ

ᠲᠦᠷᠦᠯ ᠤᠨ ᠲᠤᠨᠤᠭ ᠲᠥᠬᠦᠭᠡᠷᠦᠮᠵᠢ ᠶᠢ ᠲᠣᠭᠲᠠᠭᠰᠠᠨ ᠴᠠᠭ ᠲᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠭᠰᠠᠨ

ᠡᠰᠡᠬᠦ᠂ ᠲᠣᠭᠲᠠᠭᠰᠠᠨ ᠴᠠᠭ ᠲᠤ ᠲᠤᠨᠤᠭ ᠲᠥᠬᠦᠭᠡᠷᠦᠮᠵᠢ ᠪᠠᠨ ᠰᠣᠯᠢᠭᠰᠠᠨ ᠡᠰᠡᠬᠦ ᠵᠡᠷᠭᠡ ᠠᠭᠤᠯᠭ᠎ᠠ ᠪᠠᠷ

ᠶᠠᠪᠤᠭᠳᠠᠪᠠ᠃

   ᠤᠳᠤᠬᠠᠨ ᠪᠣᠯᠲᠠᠯ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ 4 ᠨᠢᠭᠡᠴᠢ ᠶᠢ ᠨᠢᠭᠡᠨᠲᠡ

ᠪᠠᠶᠢᠴᠠᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ

ᠵᠢᠭᠠᠪᠤᠷᠢ ᠶᠢᠨ ᠪᠢᠴᠢᠭ ᠢ 1 ᠬᠤᠪᠢ ᠪᠠᠭᠤᠯᠭᠠᠵᠤ᠂ ᠬᠡᠷᠡᠭᠯᠡᠬᠦ ᠨᠢᠭᠡᠴᠡ ᠶᠢᠨ ᠳᠠᠷᠦ᠋ᠢᠬᠠᠨ ᠴᠡᠭᠴᠡᠯᠡᠨ

ᠰᠠᠶᠢᠵᠢᠷᠠᠭᠤᠯᠬᠤ ᠶᠢ ᠰᠢᠪᠠᠳᠠᠪᠠ᠃ ᠲᠠᠷᠠᠭᠠᠴᠢ ᠶᠢᠨ ᠠᠯᠬᠤᠮ ᠳᠤ᠂ ᠨᠠᠷᠢᠨ ᠳᠠᠬᠢ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ  ᠰᠠᠯᠪᠤᠷᠢ ᠶᠢᠨ ᠬᠢᠨ ᠳᠠᠯᠳᠠ ᠬᠡᠮ ᠢ ᠦᠷᠭᠦᠯᠵᠢᠯᠡᠨ ᠪᠠᠶᠢᠴᠠᠭᠠᠵᠤ᠂ ᠴᠡᠭᠴᠡᠯᠡᠨ

ᠰᠠᠶᠢᠵᠢᠷᠠᠭᠤᠯᠬᠤ ᠶᠢ ᠠᠳᠬᠤᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠨᠴᠠ ᠲᠥᠷᠥᠯ ᠤᠨ ᠲᠣᠨᠤᠭ

ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号