ᠸᠠᠩ ᠤᠨ ᠬᠤᠷᠢᠶ᠎ᠠ ᠪᠠᠯᠭᠠᠰᠤᠨ ᠤ ᠬᠢᠨ ︽3 · 8︾ ᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/4/20

   ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ︽3 · 8︾ ᠤ 111 ᠳ᠋ᠦ᠋ᠭᠡᠷ ᠪᠠᠶᠠᠷ ᠢ ᠪᠡᠯᠭᠡᠯᠡᠬᠦ ᠶᠢᠨ

ᠲᠥᠯᠥᠭᠡ᠂ ᠸᠠᠩ ᠤᠨ ᠬᠤᠷᠢᠶ᠎ᠠ ᠪᠠᠯᠭᠠᠰᠤᠨ ᠤ ᠡᠮᠡᠭᠲᠡᠶᠢᠴᠦᠳ ᠤᠨ ᠲᠥᠯᠥᠭᠡᠯᠡᠭᠴᠢ ᠪᠠᠯᠭᠠᠰᠤᠨ ᠤ ᠵᠠᠰᠠᠭ ᠤᠨ

ᠣᠷᠳᠣᠨ ᠳᠤ ᠡᠷᠭᠢᠯᠡᠭᠰᠡᠨ ︽3 · 8︾ ᠤ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠳᠤ ᠣᠷᠣᠯᠴᠠᠪᠠ᠃

   ᠲᠤᠰ ᠠᠵᠢᠯᠯᠠᠭ᠎ᠠ ᠳᠤ ᠨᠠᠮ ᠤᠨ ᠲᠡᠦᠬᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠣᠶᠣᠯ ᠤᠨ ᠶᠡᠷᠦ ᠶᠢᠨ ᠮᠡᠳᠡᠯᠭᠡ ᠪᠣᠯᠤᠨ

ᠡᠮᠡᠭᠲᠡᠶᠢᠴᠦᠳ ᠤᠨ ᠡᠷᠡᠭᠦᠯ ᠮᠡᠨᠳᠤ᠂ ᠡᠷᠬᠡ ᠪᠠᠨ ᠬᠠᠮᠠᠭᠠᠯᠠᠬᠤ ᠵᠡᠷᠭᠡ ᠲᠠᠯ᠎ᠠ ᠶᠢᠨ ᠮᠡᠳᠡᠯᠭᠡ ᠶᠢᠨ ᠤᠷᠤᠯᠳᠤᠭᠠᠨ ᠢ

ᠥᠷᠨᠢᠭᠦᠯᠵᠦ᠂ ᠲᠥᠯᠥᠭᠡᠯᠡᠭᠴᠢᠳ ᠠᠵᠢᠯᠯᠠᠭ᠎ᠠ ᠶᠢᠨ ᠳᠤᠮᠳᠠ ᠢᠳᠡᠪᠬᠢᠲᠡᠢ ᠬᠠᠷᠢᠭᠤᠯᠲᠠ ᠥᠭᠴᠦ᠂ ᠤᠯᠤᠰ

ᠲᠦᠷᠦ ᠶᠢᠨ ᠤᠬᠠᠮᠰᠠᠷ ᠪᠣᠯᠤᠨ ᠡᠷᠬᠡ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠡᠢ᠃

   ᠸᠠᠩ ᠤᠨ ᠬᠤᠷᠢᠶ᠎ᠠ ᠪᠠᠯᠭᠠᠰᠤ ᠶᠢᠨ ᠬᠢᠨ  ᠡᠮᠡᠭᠲᠡᠶᠢᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ

ᠬᠦᠴᠦᠷᠬᠡᠭᠵᠢᠭᠦᠯᠬᠦ᠂ ᠥᠪᠡᠷ ᠢ ᠪᠠᠨ ᠬᠠᠶᠢᠷᠠᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠤᠢ ᠪᠣᠯᠭᠠᠵᠤ᠂ ᠥᠷᠭᠡᠨ

ᠤᠯᠠᠨ ᠡᠮᠡᠭᠲᠡᠶᠢᠴᠦᠳ ᠲᠠᠢ ᠪᠦᠯᠬᠦᠮᠳᠡᠵᠦ᠂ ᠰᠢᠯᠢᠳᠡᠭ ᠦᠷ᠎ᠡ ᠪᠦᠲᠦᠭᠡᠯ ᠢᠶᠠᠷ ᠢᠶᠠᠨ ᠨᠠᠮ ᠪᠠᠶᠢᠭᠤᠯᠤᠭᠳᠠᠭᠰᠠᠨ

ᠵᠠᠭᠤᠨ ᠵᠢᠯ ᠢ ᠤᠭᠲᠤᠬᠤ ᠶᠢ ᠵᠣᠷᠢᠭᠵᠢᠭᠤᠯᠤᠨ᠎ᠠ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号