ᠳ᠋ᠧᠦ ᠰᠢᠶᠤᠤ ᠬᠤᠢ᠄ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠴᠢ ᠬᠥᠳᠡᠯᠮᠦᠷᠢᠴᠢ ᠬᠤᠪᠢ ᠨᠡᠮᠡᠷᠢ ᠦᠵᠡᠭᠦᠯᠬᠦ ᠶᠢ ᠴᠢᠩᠭᠠᠳᠬᠠᠵᠤ ᠡᠭᠦᠷᠭᠡ ᠲᠤᠰᠢᠶᠠᠯ ᠢᠶᠠᠨ ᠰᠡᠳᠬᠢᠯ ᠲᠠᠯᠪᠢᠨ ᠭᠦᠢᠴᠡᠳᠬᠡᠵᠦ ᠴᠤᠭ ᠵᠢᠪᠬᠤᠭ᠎ᠠ ᠪᠠᠨ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2021/4/20

    ᠶᠢᠨ ᠴᠧᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠳ᠋ᠧᠦ ᠰᠢᠶᠤᠤ

ᠬᠤᠢ ᠪᠣᠯ ᠤᠯᠤᠰ ᠲᠦᠷᠦ ᠶᠢᠨ ᠵᠥᠪᠯᠡᠯᠭᠡᠨ ᠤ ᠵᠠᠯᠠᠭᠤᠬᠠᠨ ᠭᠡᠰᠢᠭᠦᠨ ᠪᠣᠯᠤᠨ᠎ᠠ᠃ ᠲᠡᠷᠡ ᠠᠷᠠᠳ ᠤᠨ ᠠᠮᠢᠳᠤᠷᠠᠯ ᠢ

ᠠᠩᠬᠠᠷᠴᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠨᠡᠶᠢᠭᠡᠮ ᠤᠨ

ᠬᠠᠷᠢᠭᠤᠴᠠᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠢᠷᠠᠭᠤ ᠠᠯᠳᠠᠷᠲᠤ ᠡᠭᠦᠷᠭᠡ

ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ ᠪᠠᠶᠢᠨ᠎ᠠ᠃

   ᠺᠣᠮᠫᠠᠨᠢ ᠨᠢ 2018 ᠣᠨ ᠳᠤ ᠤᠯᠠᠭᠠᠨᠬᠠᠳᠠ ᠬᠤᠳᠠ ᠶᠢᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠲᠤ ︽

ᠶᠠᠰᠤ ᠴᠢᠨᠠᠷ ᠤᠨ ᠤᠳᠤᠨ ᠲᠡᠰ ᠤᠨ ᠠᠵᠤ ᠠᠬᠤᠶᠢᠯᠠᠯ︾ ᠢᠶᠠᠷ ᠦᠨᠡᠯᠡᠭᠳᠡᠵᠦ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠳᠤᠯᠤᠯᠳᠠ ᠳᠤ ︽ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ︾ ᠤᠨ ᠢᠷᠠᠭᠤ ᠠᠯᠳᠠᠷ ᠤᠨ ᠴᠣᠯᠠ

ᠬᠦᠷᠳᠡᠵᠡᠢ᠃ ᠳ᠋ᠧᠦ ᠰᠢᠶᠤᠤ ᠬᠤᠢ 2018 ᠣᠨ ᠳᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ

ᠠᠵᠢᠯ ᠲᠤᠮᠳᠠᠬᠢ ᠨᠡᠶᠢᠭᠡᠮ ᠠᠴᠠ ᠶᠠᠳᠠᠭᠤ ᠶᠢ ᠲᠡᠳᠬᠦᠭᠰᠡᠨ ᠲᠡᠷᠢᠭᠦᠨ ᠤ ᠰᠢᠯᠢᠳᠡᠭ ᠬᠤᠪᠢ ᠬᠥᠮᠦᠨ︾ ᠢᠶᠠᠷ

ᠦᠨᠡᠯᠡᠭᠳᠡᠵᠦ᠂ 2019 ᠣᠨ ᠳᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ︽ᠤᠯᠤᠰ ᠲᠦᠷᠦ ᠶᠢᠨ

ᠵᠥᠪᠯᠡᠯᠭᠡᠨ ᠤ  ᠰᠢᠯᠢᠳᠡᠭ ᠭᠡᠰᠢᠭᠦᠨ︾ ᠢᠶᠠᠷ ᠦᠨᠡᠯᠡᠭᠳᠡᠪᠡ᠃

   ︽ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠪᠣᠯᠤᠭᠰᠠᠨ ᠤ ᠬᠤᠪᠢ ᠳᠤ᠂ ᠲᠠᠷᠠᠭᠠᠴᠢ ᠶᠢᠨ

ᠠᠯᠬᠤᠮ ᠳᠤ ᠪᠢ ᠥᠪᠡᠷ ᠤᠨ ᠰᠤᠷᠤᠯᠴᠠᠯᠭ᠎ᠠ ᠪᠠᠨ ᠴᠢᠩᠭᠠᠳᠬᠠᠨ᠎ᠠ᠃ ᠡᠭᠦᠨ ᠤ ᠬᠠᠮᠲᠤ ᠪᠢ ᠪᠠᠰᠠ ᠤᠯᠤᠰ

ᠲᠦᠷᠦ ᠶᠢᠨ ᠵᠥᠪᠯᠡᠯᠭᠡᠨ ᠤ ᠭᠡᠰᠢᠭᠦᠨ ᠤ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ

ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠦᠬᠦ ᠬᠤᠰᠢᠭᠤᠨ ᠤ ᠬᠥᠭᠵᠢᠯᠲᠡ ᠳᠤ ᠨᠡᠩ ᠰᠠᠶᠢᠨ ᠠᠷᠭ᠎ᠠ

ᠤᠬᠠᠭᠠᠨ ᠭᠠᠷᠭᠠᠬᠤ ᠪᠠᠷ ᠵᠣᠷᠢᠭ ᠰᠢᠭᠤᠳᠴᠤ ᠪᠠᠶᠢᠨ᠎ᠠ᠃ ᠢᠷᠠᠭᠤ ᠠᠯᠳᠠᠷ ᠪᠠ ᠣᠮᠣᠭᠰᠢᠯ ᠲᠠᠢ ᠰᠠᠨᠠᠭᠳᠠᠬᠤ ᠶᠢᠨ

ᠵᠡᠷᠭᠡᠴᠡᠭᠡᠪᠡᠷ ᠬᠠᠷᠢᠭᠤᠴᠠᠯᠭ᠎ᠠ ᠪᠠ ᠡᠭᠦᠷᠭᠡ ᠨᠢ ᠨᠠᠳᠠ ᠳᠤ ᠨᠡᠩ ᠤᠯᠠᠨ ᠰᠠᠨᠠᠭᠳᠠᠵᠤ ᠪᠠᠶᠢᠨ᠎ᠠ᠃ ᠪᠢᠳᠡ ᠠᠴᠢ

ᠬᠠᠷᠢᠭᠤᠯᠠᠬᠤ ᠰᠡᠳᠬᠢᠯ ᠢ ᠡᠪᠦᠷᠯᠡᠨ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠶ

ᠣᠷᠣᠯᠴᠠᠵᠤ᠂ ᠦᠨᠡᠨ ᠰᠡᠳᠬᠢᠯ ᠠᠴᠠ ᠪᠠᠨ ᠨᠡᠶᠢᠭᠡᠮ ᠳᠤ ᠠᠴᠢ ᠬᠠᠷᠢᠭᠤᠯᠬᠤ ᠬᠡᠷᠡᠭᠲᠡᠶ︾ ᠭᠡᠵᠡᠶ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号