ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢᠷᠡᠵᠦ ᠨᠡᠷ᠎ᠡ ᠪᠠᠨ ᠮᠡᠳᠡᠭᠦᠯᠤᠯ᠎ᠠ‌‍ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢᠨ ᠲᠦᠰᠦᠪ ᠢ ᠵᠢᠷᠤᠭᠯᠠᠨᠠᠮ
ᠨᠡᠶᠢᠲᠡᠯᠡᠭᠰᠡᠨ ᠴᠠᠭ᠄
2021/4/20

   ᠣᠶᠢᠷ᠎ᠠ ᠳᠤ᠂ ᠬᠠᠷᠠᠴᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢᠳ

ᠵᠠᠯᠭᠠᠭ᠎ᠠ ᠪᠠᠷ ᠵᠢᠨᠱᠠᠨ ᠵᠣᠴᠢᠳ ᠤᠨ ᠪᠠᠭᠤᠳᠠᠯ ᠳᠤ ᠬᠦᠷᠴᠦ ᠶᠡᠭᠡ ᠬᠤᠷᠠᠯ ᠳᠤ ᠨᠡᠷ᠎ᠡ ᠮᠡᠳᠡᠭᠦᠯᠪᠡ᠃

   ᠡᠨᠡ ᠵᠢᠯ ᠤᠨ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢ᠂ ᠠᠵᠢᠯᠲᠠᠳ ᠴᠥᠮ ᠱᠠᠭᠠᠷᠳᠠᠯᠭ᠎ᠠ

ᠶᠣᠰᠣᠭᠠᠷ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠨᠣᠮᠧᠷ ᠢ ᠰᠢᠷᠪᠢᠵᠦ᠂ ᠪᠥᠭᠡᠮ ᠬᠦᠴᠢᠯ ᠤᠨ ᠪᠠᠶᠢᠴᠠᠭᠠᠯᠲᠠ

ᠬᠢᠵᠦ ᠪᠠᠶᠢᠨ᠎ᠠ᠃

   ᠨᠡᠷ᠎ᠡ ᠮᠡᠳᠡᠭᠦᠯᠦᠭᠰᠡᠨ ᠤ ᠲᠠᠷᠠᠭ᠎ᠠ᠂ ᠲᠥᠯᠥᠭᠡᠯᠡᠭᠴᠢᠳ ᠬᠤᠷᠠᠯ ᠤᠨ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ

ᠤᠩᠰᠢᠵᠤ᠂ ᠡᠨᠡ ᠵᠢᠯ ᠤᠨ ᠬᠠᠯᠠᠮᠰᠢᠯ ᠰᠡᠳᠦᠪ ᠪᠣᠯᠤᠨ ᠥᠪᠡᠷ ᠤᠨ ᠠᠩᠬᠠᠷᠴᠤ ᠪᠠᠶᠢᠭ᠎ᠠ ᠰᠠᠨᠠᠯ ᠰᠠᠨᠠᠭᠤᠯᠭ᠎ᠠ ᠪᠠᠨ

ᠬᠠᠷᠢᠯᠴᠠᠨ ᠶᠠᠷᠢᠯᠴᠠᠪᠠ᠃

   ︽ᠣᠳᠣᠬᠠᠨ ᠳᠤ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ

ᠳᠠᠶᠢᠯᠠᠯᠳᠤᠭᠠᠨ ᠨᠢᠭᠡᠨᠲᠡ ᠪᠦᠬᠦ ᠲᠠᠯ᠎ᠠ ᠶᠢᠨ ᠢᠯᠠᠯᠲᠠ ᠤᠯᠪᠠ᠂ ᠳᠠᠷᠠᠭᠠᠴᠢ ᠶᠢᠨ ᠠᠯᠬᠤᠮ ᠳᠤ᠂ ᠪᠢᠳᠡ

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ

ᠦᠨᠡᠨᠬᠦ ᠰᠠᠶᠢᠲᠤᠷ ᠬᠢᠬᠦ ᠬᠡᠷᠡᠭᠲᠡᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ

ᠪᠣᠯᠤᠭᠰᠠᠨ ᠤ ᠬᠤᠪᠢ ᠳᠤ᠂ ᠶᠡᠭᠡ ᠬᠤᠷᠠᠯ ᠳᠡᠭᠡᠷ᠎ᠡ ᠪᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂

ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ

ᠵᠥᠩᠨᠡᠶ᠎ᠡ᠃︾ ᠭᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᡁᠢ ᠮᠢᠨ

ᠬᠡᠯᠡᠪᠡ᠃

   ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠨᠠᠷᠢᠨ ᠬᠢᠨᠠᠮᠠᠭᠠᠢ ᠭᠦᠢᠴᠡᠳᠬᠡᠵᠦ᠂ ᠪᠣᠳᠠᠲᠤ

ᠠᠵᠢᠯᠯᠠᠭ᠎ᠠ ᠪᠠᠷ ᠢᠶᠠᠨ ᠬᠠᠷᠠᠴᠢᠨ ᠬᠤᠰᠢᠭᠤᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ︽

ᠠᠷᠪᠠᠨ ᠳᠥᠷᠪᠡᠳᠦᠭᠡᠷ ᠲᠠᠪᠤᠨ ᠵᠢᠯ︾ ᠤᠨ ᠴᠤ᠋ ᠰᠢᠨ᠎ᠡ ᠬᠠᠭᠤᠳᠠᠰᠤ ᠶᠢ ᠰᠡᠬᠦᠬᠦ ᠳᠤ ᠠᠷᠭ᠎ᠠ ᠤᠬᠠᠭᠠᠨ ᠬᠦᠴᠦᠨ

ᠴᠢᠳᠠᠯ ᠢᠶᠠᠨ ᠡᠷᠭᠦᠨ᠎ᠡ ᠭᠡᠵᠦ ᠲᠥᠯᠥᠭᠡᠯᠡᠭᠴᠢᠳ ᠢᠯᠡᠳᠬᠡᠵᠡᠭᠡᠪᠡ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号