ᠮᠠᠨ ᠤ ᠬᠤᠰᠢᠭᠤ ᠪᠥᠬᠦ ᠬᠤᠰᠢᠭᠤᠨ ᠤ ᠬᠤᠶᠠᠷ ᠬᠤᠷᠠᠯ ᠤᠨ ᠨᠠᠮ ᠤᠨ ᠭᠡᠰᠢᠭᠦᠨ ᠬᠠᠷᠢᠭᠤᠴᠠᠯᠭᠠᠲᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/20

    ᠣᠶᠢᠷ᠎ᠠ ᠳᠤ᠂ ᠮᠠᠨ ᠤ ᠬᠤᠰᠢᠭᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠲᠠᠪᠤᠳᠤᠭᠠᠷ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ

ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠨᠠᠮ ᠤᠨ ᠭᠡᠰᠢᠭᠦᠨ ᠬᠠᠷᠢᠭᠤᠴᠠᠯᠭᠠᠲᠠᠨ ᠤ

ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠢ ᠬᠤᠸᠠ᠂ ᠤᠯᠤᠰ

ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠤᠸᠠ᠂ ᠬᠤᠰᠢᠭᠤᠨ ᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠰᠢᠤ ᠴᠢᠩ

ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠴᠧᠨ ᠬᠤ᠋ ᠨᠠᠨ ᠬᠤᠷᠠᠯ ᠡᠷᠭᠢᠯᠡᠪᠡ

ᠭᠤᠤ ᠰᠢ ᠬᠤᠸᠠ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠬᠤᠷᠠᠯ ᠤᠨ ᠡᠯ᠎ᠡ

ᠵᠦᠢᠯ ᠤᠨ ᠵᠥᠪᠯᠡᠬᠦ ᠵᠦᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠢᠯᠡᠳᠬᠡᠯ ᠢ ᠬᠢᠨᠠᠨ

ᠶᠠᠷᠢᠯᠴᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠯᠢ ᠤᠯᠠᠨ ᠢᠯᠡᠳᠬᠡᠯ ᠢ ᠦᠨᠡᠨ ᠬᠦ ᠰᠠᠶᠢᠲᠤᠷ ᠶᠠᠷᠢᠯᠴᠠᠵᠤ᠂

ᠰᠠᠶᠢᠲᠤᠷ ᠵᠠᠰᠠᠵᠤ᠂ ᠰᠠᠶᠢᠲᠤᠷ ᠬᠢᠨᠠᠨ ᠶᠠᠷᠢᠯᠴᠠᠵᠤ᠂ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠪᠠᠨ ᠨᠡᠩ

ᠰᠢᠨᠵᠢᠯᠡᠬᠦ ᠤᠬᠠᠭᠠᠨᠴᠢ ᠪᠣᠯᠭᠠᠨ᠎ᠠ᠃ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯ ᠢ ᠬᠢᠨᠠᠮᠠᠭᠠᠶ

ᠰᠠᠶᠢᠲᠤᠷ ᠬᠢᠵᠦ᠂ ᠲᠥᠯᠥᠭᠡᠯᠡᠭᠴᠢᠳ᠂ ᠭᠡᠰᠢᠭᠦᠳ ᠢ ᠬᠥᠲᠥᠯᠥᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ᠂

ᠥᠨᠳᠥᠷ ᠬᠢᠷᠢ ᠲᠦᠪᠰᠢᠨ ᠪᠦᠬᠦᠢ ᠰᠠᠨᠠᠯ ᠵᠥᠪᠯᠡᠯᠭᠡ᠂ ᠰᠠᠨᠠᠯ ᠲᠤᠷᠠᠳᠤᠯᠭ᠎ᠠ ᠪᠠ ᠰᠠᠨᠠᠯ ᠰᠠᠨᠠᠭᠤᠯᠭ᠎ᠠ ᠲᠡᠪᠰᠢᠬᠦᠯᠬᠦ

ᠪᠤᠯᠭᠠᠬᠤ ᠬᠡᠷᠡᠭᠲᠡᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ

ᠲᠥᠷᠥ ᠶᠢᠨ ᠵᠥᠪᠯᠡᠯᠭᠡᠨ ᠨᠢ ᠰᠠᠨᠠᠯ ᠵᠥᠪᠯᠡᠯᠭᠡ᠂ ᠰᠠᠨᠠᠯ ᠳᠤᠷᠠᠳᠤᠯᠭ᠎ᠠ ᠶᠢ ᠦᠨᠡᠨᠬᠦ ᠡᠮᠬᠢᠯᠡᠵᠦ

ᠬᠤᠷᠢᠶᠠᠩᠭᠤᠶᠢᠯᠠᠬᠤ ᠶᠢᠨ ᠬᠠᠮᠲᠤ ᠬᠠᠮᠢᠶ᠎ᠠ ᠪᠥᠬᠦᠶ ᠳᠠᠭᠠᠭᠠᠨ ᠭᠦᠶ᠋ᠴᠡᠳᠬᠡᠬᠦ ᠨᠢᠭᠡᠴᠡ ᠶᠢ ᠰᠢᠮᠳᠠᠭᠤᠯᠤᠨ

ᠵᠢᠯᠣᠭᠤᠳᠴᠤ ᠪᠠᠶᠢᠭᠠᠳ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠶᠡᠭᠡ

ᠬᠤᠷᠠᠯ ᠤᠨ ᠰᠤᠩᠬᠤᠭᠤᠯᠢ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠦᠭᠦ ᠬᠤᠰᠢᠭᠤᠨ ᠤ ᠠᠵᠤ ᠠᠬᠤᠶ

ᠨᠡᠶᠢᠭᠡᠮ ᠤᠨ ᠬᠥᠭᠵᠢᠯᠲᠡ ᠶᠢᠨ ᠲᠠᠯ᠎ᠠ ᠠᠴᠠ ᠪᠣᠳᠣᠯᠬᠢᠯᠠᠵᠤ᠂ ᠶᠡᠭᠡ ᠬᠤᠷᠠᠯ ᠤᠨ ᠰᠤᠩᠭᠤᠭᠤᠯᠢ ᠶᠢᠨ ᠡᠭᠦᠷᠭᠡ ᠶᠢ

ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号