ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠬᠥᠮᠦᠵᠢᠯ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/20

   ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠬᠥᠮᠦᠵᠢᠯ ᠪᠣᠯᠪᠠᠰᠤᠷᠠᠭᠤᠯᠤᠯ ᠤᠨ

ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋

ᠡᠷᠬᠢᠯᠡᠭᠴᠢ ᠶᠧ ᠹᠧᠩ ᠭᠦᠸᠧ ᠬᠤᠷᠠᠯ ᠡᠷᠭᠢᠯᠡᠪᠡ᠃

   ᠶᠧ ᠹᠧᠩ ᠭᠦᠸᠧ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠢᠴᠢᠶᠡᠯᠯᠡᠭᠡ ᠶᠢᠨ ᠭᠤᠤᠯ ᠰᠡᠳᠦᠪ ᠨᠢ

ᠢᠯᠡ ᠲᠣᠳᠣ᠂ ᠠᠭᠤᠯᠭ᠎ᠠ ᠨᠢ ᠪᠠᠶᠠᠯᠢᠭ ᠪᠠᠶᠢᠵᠤ᠂ ᠪᠤᠰᠤᠳᠴᠢ᠂ ᠣᠶᠤᠨᠴᠢ ᠵᠠᠳᠠᠯᠤᠯᠲᠠ ᠬᠢᠭᠰᠡᠨ ᠪᠣᠯᠬᠤᠷ ᠮᠠᠰᠢ

ᠴᠢᠩᠭ᠎ᠠ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ ᠶᠤᠮ᠃ ᠭᠤᠷᠪᠠᠨ ᠲᠦᠷᠦᠯ ᠤᠨ ᠬᠢᠴᠢᠶᠡᠯ ᠤᠨ

ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠣᠯ

ᠣᠳᠣᠬᠠᠨ ᠤ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠲᠥᠯᠥᠭᠡᠯᠡᠭᠴᠢᠳ ᠦᠵᠡᠯ ᠰᠠᠨᠠᠭᠠᠨ ᠤ

ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ

ᠨᠢᠭᠲᠠᠷᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ

ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ ᠳᠡᠮᠵᠢᠵᠦ᠂ ᠦᠪᠡᠷ ᠤᠨ ᠪᠡᠶ᠎ᠡ ᠪᠠᠷ

ᠲᠦᠷᠦᠭᠦᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ

ᠮᠠᠲ᠋ᠧᠷᠢᠶᠠᠯ ᠢ ᠬᠡᠷᠡᠭᠯᠡᠬᠦ ᠠᠵᠢᠯ ᠢ ᠤᠷᠤᠭᠰᠢᠲᠠᠶ ᠶᠠᠪᠤᠭᠳᠠᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ

ᠦᠵᠡᠭᠦᠯᠬᠦ ᠬᠡᠷᠡᠭᠲᠡᠶ ᠭᠡᠵᠡᠢ᠃

ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠰᠢᠤᠢ ᠵᠢᠶᠠᠨ

ᠴᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ

ᠰᠢᠵᠢᠮ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ

ᠲᠠᠶᠢᠯᠤᠮᠵᠢ ᠬᠢᠪᠠ᠃

   

   

   

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号