ᠮᠠ ᠢᠦᠢ ᠬᠦᠢ
ᠨᠡᠶᠢᠲᠡᠯᠡᠭᠰᠡᠨ ᠴᠠᠭ᠄
2021/4/22

   ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋

ᠡᠷᠬᠢᠯᠡᠭᠴᠢ᠄ ᠮᠠ ᠢᠦᠶ ᠬᠦᠶ

   ᠠᠵᠢᠯ ᠤᠨ ᠡᠭᠦᠷᠭᠡ ᠬᠠᠷᠢᠭᠤᠴᠠᠯᠭ᠎ᠠ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠪᠠ ᠲᠠᠷᠢᠶᠠᠯᠠᠩ ᠮᠠᠯ ᠠᠵᠤ ᠠᠬᠤᠶ ᠵᠡᠷᠭᠡ ᠲᠠᠯ᠎ᠠ ᠶᠢᠨ

ᠠᠵᠢᠯ ᠢ ᠬᠠᠷᠢᠭᠤᠴᠠᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠪᠣᠯᠤᠨ ᠲᠠᠷᠢᠶᠠᠯᠠᠩ ᠮᠠᠯ ᠠᠵᠤ ᠠᠬᠤᠶ ᠶᠢ ᠬᠤᠪᠢᠳᠠᠨ

ᠬᠠᠷᠢᠭᠤᠴᠠᠨ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ

ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂

ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ

ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠵᠠᠮ

ᠲᠡᠭᠡᠭᠡᠪᠦᠷᠢ ᠶᠢᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ

ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ

ᠠᠰᠢᠭᠯᠠᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠶᠠᠳᠠᠭᠤ ᠶᠢ ᠲᠡᠳᠬᠦᠵᠦ

ᠨᠡᠭᠡᠭᠡᠨ ᠬᠥᠭᠵᠢᠭᠦᠯᠬᠦ ᠠᠯᠪᠠᠨ ᠭᠡᠷ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠣᠯᠠᠨ ᠨᠡᠶᠢᠲᠡ ᠶᠢᠨ

ᠡᠬᠢ ᠪᠠᠶᠠᠯᠢᠭ ᠤᠨ ᠰᠤᠯᠢᠯᠴᠠᠭᠠᠨ ᠤ ᠲᠥᠪ᠂ ᠲᠠᠷᠢᠶᠠᠯᠠᠩ ᠤᠨ ᠮᠠᠰᠢᠨ ᠤ ᠲᠥᠪ᠂ ᠭᠠᠵᠠᠷ ᠰᠢᠷᠣᠶ ᠶᠢᠨ

ᠨᠥᠭᠡᠴᠡᠯᠡᠯ ᠤᠨ ᠲᠥᠪ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ

ᠲᠣᠭᠤᠷᠢᠨ ᠤ ᠲᠣᠪᠴᠢᠶ᠎ᠠ ᠶᠢᠨ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠤᠯᠤᠰ ᠤᠨ ᠴᠠᠬᠢᠯᠭᠠᠨ

ᠲᠣᠣᠷ ᠤᠨ ᠬᠠᠷᠠᠴᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠰᠢᠤᠳᠠᠨ ᠤ ᠲᠣᠪᠴᠢᠶ᠎ᠠ᠂ ᠴᠠᠬᠢᠯᠭᠠᠨ

ᠬᠤᠯᠪᠣᠭᠠᠨ ᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠤᠭᠠᠨ ᠤ ᠺᠣᠮᠫᠠᠨᠢ᠂ ᠠᠷᠠᠳ ᠤᠨ

ᠪᠠᠩᠬᠢ᠂ ᠠᠵᠤ ᠦᠢᠯᠡᠳᠪᠦᠷᠢ ᠬᠤᠳᠠᠯᠳᠤᠭ᠎ᠠ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂

ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ᠂  ᠦᠪᠦᠷ

ᠮᠣᠩᠭᠤᠯ ᠬᠤᠳᠠᠯᠳᠤᠭᠠᠨ ᠤ ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠰᠢᠤᠳᠠᠨ ᠤ ᠬᠠᠳᠠᠭᠠᠯᠠᠮᠵᠢ ᠶᠢᠨ

ᠪᠠᠩᠬᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ᠂ ᠳᠤᠮᠳᠠᠳᠤ

ᠤᠯᠤᠰ ᠤᠨ ᠴᠢᠯᠠᠭᠤᠨ ᠲᠣᠰᠣᠨ ᠤ ᠬᠠᠷᠠᠴᠢᠨ ᠬᠤᠰᠢᠭᠤᠨ ᠤ ᠡᠵᠡᠩᠨᠡᠯᠲᠡ ᠶᠢᠨ ᠬᠡᠯᠳᠡᠰ᠂ ᠳᠠᠪᠤᠰᠤᠨ ᠤ

ᠦᠢᠯᠡᠰ ᠤᠨ ᠺᠣᠮᠫᠠᠨᠢ᠂ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ᠂ ᠴᠠᠭ ᠠᠭᠤᠷ ᠤᠨ

ᠲᠣᠪᠴᠢᠶ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ

ᠬᠡᠯᠳᠡᠰ ᠲᠠᠢ ᠬᠠᠷᠢᠯᠴᠠᠨ᠎ᠠ᠃

   ᠮᠠ ᠢᠦᠢ ᠬᠦᠢ᠂ ᠡᠷᠡᠭᠲᠡᠢ᠂ ᠬᠢᠲᠠᠳ ᠦᠨᠳᠦᠰᠦᠲᠡᠨ᠂ 1966 ᠣᠨ ᠤ 10 ᠰᠠᠷ᠎ᠠ ᠳᠤ ᠲᠦᠷᠦᠵᠠᠢ᠂

ᠰᠢᠶᠤᠤ ᠨᠢᠦ ᠴᠢᠶᠦ᠋ᠨ ᠪᠠᠯᠭᠠᠰᠤᠨ ᠤ ᠬᠥᠮᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ

ᠨᠠᠮᠲᠠᠷ ᠲᠠᠢ᠃ ᠣᠲᠣ ᠬᠠᠷᠠᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ

ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃

   1987.08 — 1988. 03  ᠱᠢ ᠵᠢᠶ᠋ᠨ ᠮᠠᠨᠵᠤ ᠦᠨᠳᠦᠰᠦᠲᠡᠨ ᠤ ᠰᠢᠶᠠᠩ ᠤᠨ ᠨᠠᠮ ᠤᠨ

ᠬᠤᠷᠢᠶᠠᠨ ᠤ  ᠭᠡᠰᠢᠭᠦᠴᠢ︔

   1988 .3  — 1991.08  ᠱᠢ ᠵᠢᠶᠠ ᠮᠠᠨᠵᠤ ᠦᠨᠳᠦᠰᠦᠲᠡᠨ ᠤ ᠰᠢᠶᠠᠩ ᠤᠨ ᠨᠠᠮ ᠤᠨ ᠬᠤᠷᠢᠶᠠᠨ ᠤ

ᠵᠣᠬᠢᠶᠠᠨ ᠪᠠᠶᠢᠭᠤᠯᠬᠤ ᠭᠡᠰᠢᠭᠦᠨ ᠪᠠᠶᠢᠪᠠ︔

   1991.8  — 1996 .11 ᠱᠢ ᠵᠢᠶ᠋ᠨ ᠮᠠᠨᠵᠤ ᠦᠨᠳᠦᠰᠦᠲᠡᠨ ᠤ ᠰᠢᠶᠠᠩ ᠤᠨ ᠨᠠᠮ ᠤᠨ ᠬᠤᠷᠢᠶᠠᠨ ᠤ

ᠳᠡᠳ᠋ ᠰᠠᠯᠠᠭᠠᠨ ᠤ ᠳᠡᠰ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠪᠠᠶᠢᠪᠠ︔

   1996.11  — 1998. 6 ᠱᠢ ᠵᠢᠶ᠋ᠨ ᠮᠠᠨᠵᠤ ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ ᠤ

ᠳᠡᠳ᠋ ᠰᠢᠶᠠᠩ ᠤᠨ ᠳᠠᠷᠤᠭ᠎ᠠ ᠪᠠᠶᠢᠪᠠ︔

   1998.06 — 2002.10 ᠬᠤᠰᠢᠭᠤᠨ ᠤ ᠮᠠᠯ ᠠᠵᠤ ᠠᠬᠤᠶ ᠶᠢᠨ ᠲᠥᠪ ᠤᠨ ᠳᠡᠳ᠋ ᠡᠷᠬᠢᠯᠡᠭᠴᠢ︔

   2002.10 — 2005.08 ᠤᠤᠯ ᠤᠨ ᠮᠠ ᠲᠢ ᠶᠢᠩᠽᠢ ᠰᠢᠶᠠᠩ ᠤᠨ ᠨᠠᠮ ᠤᠨ ᠬᠤᠷᠢᠶᠠᠨ ᠤ ᠳᠡᠳ᠋

ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ︔

   2005.08 — 2008.09 ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋

ᠳᠠᠷᠤᠭ᠎ᠠ᠂ ᠮᠠᠯ ᠠᠵᠤ ᠠᠬᠤᠶ ᠶᠢᠨ ᠲᠥᠪ ᠤᠨ ᠡᠷᠬᠢᠯᠡᠭᠴᠢ︔

   2008.09 — 2011.01ᠨᠠᠷᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠪᠰᠡᠭᠲᠦ

ᠬᠦᠴᠦᠨ ᠤ ᠬᠡᠯᠲᠡᠰ ᠤᠨ ᠨᠢᠭᠡᠳᠦᠭᠡᠷ ᠲᠠᠷᠤᠭ᠎ᠠ︔

   2011.01 — 2016.03 ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ

ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ᠂ ᠡᠷᠬᠢᠯᠡᠭᠴᠢ︔

   2016.03 — ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ

ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ᠃

 

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号