ᠸᠠᠩ ᠤᠨ ᠬᠤᠷᠢᠶ᠎ᠠ ᠪᠠᠯᠭᠠᠰᠤᠨ ᠤ ᠨᠠᠮ ᠤᠨ ᠬᠤᠷᠢᠶ᠎ᠠ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ︵ᠦᠷᠭᠡᠳᠭᠡᠭᠰᠡᠨ︶ ᠰᠤᠷᠤᠯᠴᠠᠬᠤ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2021/4/7

   ᠤᠶᠢᠷ᠎ᠠ ᠳᠤ᠂ ᠸᠠᠩ ᠤᠨ ᠬᠤᠷᠢᠶ᠎ᠠ ᠪᠠᠯᠭᠠᠰᠣ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ︵

ᠦᠷᠭᠡᠳᠭᠡᠭᠰᠡᠨ︶ ᠰᠤᠷᠤᠯᠴᠠᠬᠤ ᠠᠩᠬᠢ ᠡᠷᠬᠢᠯᠡᠪᠡ᠃

   ᠬᠤᠷᠠᠯ ᠠᠴᠠ᠂ 2021 ᠤᠨ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100

ᠵᠢᠯ ᠤᠨ ᠤᠢ ᠶᠤᠮ᠂ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ ᠨᠠᠷ ᠨᠠᠮ ᠤᠨ ᠡᠭᠦᠷ ᠤᠨ ᠬᠠᠮᠤᠭ ᠴᠢᠩᠭ᠎ᠠ ᠬᠦᠳᠦᠯᠦᠨ

ᠲᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

    ᠲᠠᠨᠢᠯᠳᠠ ᠪᠠᠨ ᠲᠡᠭᠡᠭᠰᠢᠯᠡᠭᠦᠯᠵᠦ᠂ ᠰᠤᠷᠤᠯᠴᠠᠯᠭ᠎ᠠ ᠪᠠᠨ ᠴᠢᠩᠭᠠᠳᠬᠠᠬᠤ ᠬᠡᠷᠡᠭᠳᠡᠢ᠃ ᠨᠢᠭᠡ ᠭᠠᠷᠠᠭ ᠤᠨ

ᠴᠠᠭ ᠢ ᠬᠡᠷᠡᠭᠰᠡᠵᠦ ᠨᠠᠮ ᠤᠨ ᠲᠡᠦᠬᠡ᠂ ᠰᠢ ᠶᠢᠨ ᠫᠢᠩ ᠤᠨ ᠰᠢᠷᠢᠰ ᠶᠠᠷᠢᠶ᠎ᠠ᠂ ᠲᠤᠮᠳᠠᠳᠤ ᠶᠢᠨ ᠦᠨᠳᠦᠰᠦᠳᠡᠨ ᠤ

ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠡᠷᠭᠡ ᠬᠠᠮᠢᠶ᠎ᠠ ᠪᠦᠬᠦᠢ ᠪᠢᠴᠢᠭ  ᠮᠠᠲ᠋ᠧᠷᠢᠶᠠᠯ ᠢ

ᠰᠤᠷᠤᠯᠴᠠᠬᠤ ᠬᠡᠷᠡᠭᠳᠡᠢ᠃

    ᠢᠳᠠᠪᠬᠢᠳᠠᠢ ᠬᠦᠳᠡᠯᠦᠯᠴᠡᠨ᠂ ᠬᠠᠷᠢᠭᠤᠴᠠᠯᠭ᠎ᠠ ᠶᠢ ᠴᠢᠩᠭᠠᠳᠬᠠᠨ᠎ᠠ᠃ ︽ᠭᠤᠪᠢ ᠶᠢᠨ ᠡᠮᠦᠨᠡᠳᠦ ᠶᠢᠨ ᠡᠷᠳᠡᠨ

 ᠤ ᠪᠠᠯᠭᠠᠰᠤ︾ ᠨᠡᠷ᠎ᠡ ᠶᠢᠨ ᠬᠠᠭᠤᠳᠠᠰᠤ ᠶᠢ ᠴᠢᠷᠮᠠᠶᠢᠨ ᠡᠭᠦᠳᠴᠦ᠂ ᠶᠠᠳᠠᠭᠤ ᠠᠴᠠ ᠠᠩᠬᠢᠵᠢᠷᠠᠭᠤᠯᠬᠤ

ᠰᠢᠪᠳᠦᠯᠦᠯᠳᠡ ᠪᠠ ᠬᠦᠳᠡᠭᠡ ᠲᠤᠰᠬᠤᠨ ᠢ ᠮᠠᠨᠳᠤᠭᠤᠯᠬᠤ ᠶᠢ ᠰᠠᠶᠢᠳᠤᠷ ᠵᠤᠯᠭᠠᠭᠤᠯᠵᠤ᠂ ᠡᠵᠡᠨ ᠬᠦᠮᠦᠨ ᠤ ᠵᠤᠷᠢᠭ

ᠰᠠᠨᠠᠭ᠎ᠠ ᠪᠠᠷ ᠸᠠᠩ ᠤᠨ ᠬᠤᠷᠢᠶ᠎ᠠ ᠪᠠᠯᠭᠠᠰᠤᠨ ᠤ ᠬᠦᠭᠵᠢᠯᠳᠡ ᠶᠢᠨ ᠲᠦᠰᠦᠪ ᠢ ᠲᠦᠰᠦᠪᠯᠡᠨ ᠪᠤᠳᠤᠯᠬᠢᠯᠠᠬᠤ ᠬᠡᠷᠡᠭᠳᠡᠢ

   ᠰᠡᠳᠬᠢᠯ ᠢᠶᠠᠨ ᠨᠢᠭᠳᠠᠷᠠᠭᠤᠯᠤᠨ ᠬᠦᠴᠦ ᠪᠠᠨ ᠲᠦᠪᠯᠡᠷᠡᠭᠦᠯᠦᠨ᠂ ᠰᠤᠷᠳᠠᠯ ᠤᠨ ᠪᠠᠶᠢᠭᠤᠯᠤᠯᠳᠠ ᠶᠢ

ᠴᠢᠩᠭᠠᠳᠬᠠᠨ᠎ᠠ᠃ ᠡᠯ᠎ᠡ ᠵᠦᠢᠯ ᠤᠨ ᠲᠦᠷᠢᠮ ᠲᠤᠭᠳᠠᠭᠠᠯ ᠪᠠ ᠠᠵᠢᠯ ᠤᠨ ᠰᠠᠬᠢᠯᠭ᠎ᠠ ᠪᠠᠳᠤ ᠶᠢ ᠴᠢᠩᠭ᠎ᠠ ᠵᠢᠷᠤᠮᠯᠠᠨ᠂

ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ᠂ ᠲᠠᠷᠤᠢ ᠲᠦᠷᠭᠡᠨ ᠡᠬᠢᠯᠡᠭᠦᠯᠬᠦ ᠶᠢ ᠪᠠᠳᠤᠯᠠᠬᠤ ᠬᠡᠷᠡᠭᠳᠡᠢ᠃

   2021 ᠤᠨ ᠳᠤ ᠨᠠᠮ ᠤᠨ ᠡᠭᠦᠷ ᠤᠨ ᠬᠦᠳᠦᠯᠦᠨ ᠲᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂

ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠴᠤᠭ ᠵᠢᠪᠬᠤᠭᠠᠯᠢᠭ

ᠤᠭᠳᠤᠵᠤ᠂ ᠠᠷᠠᠳ ᠲᠦᠮᠡᠨ ᠳᠤ ᠰᠢᠯᠢᠳᠡᠭ ᠬᠠᠷᠢᠭᠤᠯᠳᠠ ᠲᠤᠰᠢᠶᠠᠨ᠎ᠠ ᠭᠡᠵᠦ ᠬᠤᠷᠠᠯ ᠳᠤ ᠤᠷᠤᠯᠴᠠᠭᠰᠠᠨ ᠺᠠᠳ᠋ᠷ

ᠨᠡᠷ ᠢᠯᠡᠷᠬᠡᠶᠢᠯᠡᠵᠦ ᠪᠠᠶᠢᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号