ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠴᠢᠬᠢᠷᠠᠭ ᠤᠨ ᠵᠦᠪᠯᠡᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠠᠯᠳᠠᠪᠤᠷᠢᠳᠤ ᠡᠪᠡᠳᠴᠢᠨ ᠤ ᠤᠬᠠᠭᠠᠨ ᠤ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2021/4/7
   ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠴᠢᠬᠢᠷᠠᠭ ᠤᠨ ᠵᠦᠪᠯᠡᠯ ᠠᠴᠠ ᠬᠤᠰᠢᠭᠤᠨ ᠤ ᠬᠢᠵᠢᠭ ᠢ ᠰᠡᠷᠭᠡᠶᠢᠯᠡᠬᠦ ᠲᠦᠪ ᠲᠤ 2021 ᠤᠨ ᠤ ᠬᠠᠯᠳᠠᠪᠤᠷᠢᠳᠤ ᠡᠪᠡᠳᠴᠢᠨ ᠤ ᠤᠬᠠᠭᠠᠨ ᠤ ᠪᠠᠶᠢᠴᠠᠭᠠᠯᠳᠠ ᠶᠢᠨ ᠬᠦᠮᠦᠰ ᠤᠨ ᠪᠤᠯᠪᠠᠰᠤᠷᠠᠯ ᠤᠨ ᠠᠩᠬᠢ ᠡᠷᠬᠢᠯᠡᠪᠡ᠃ ᠪᠤᠯᠪᠠᠰᠤᠷᠠᠯ ᠨᠢ ᠶᠠᠭᠤᠨ ᠤ ᠡᠮᠦᠨ᠎ᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠲᠦᠰᠦᠪᠯᠡᠨ ᠤ ᠲᠤᠯᠤᠳᠤᠭᠠᠷ ᠬᠡᠪ ᠢᠶᠠᠷ ᠭᠦᠨᠵᠡᠭᠡᠢ ᠲᠠᠶᠢᠯᠤᠮᠵᠢ ᠬᠢᠭᠰᠡᠨ ᠠᠴᠠ ᠭᠠᠳᠠᠨ᠎ᠠ ᠬᠠᠯᠳᠠᠪᠤᠷᠢᠳᠤ ᠡᠪᠡᠳᠴᠢᠨ ᠤ ᠪᠠᠶᠢᠴᠠᠭᠠᠯᠳᠠ ᠲᠤᠮᠳᠠᠬᠢ ᠵᠠᠩᠬᠢᠯᠠᠭ᠎ᠠ ᠶᠢᠨ ᠭᠤᠭᠴᠤᠭ᠎ᠠ ᠵᠡᠷᠭᠡ ᠲᠠᠯ᠎ᠠ ᠪᠠᠷ ᠨᠠᠷᠢᠯᠢᠭ ᠲᠠᠶᠢᠯᠤᠮᠵᠢ ᠬᠢᠪᠡ᠃
   ᠲᠤᠰ ᠤᠳᠠᠭᠠᠨ ᠤ ᠪᠤᠯᠪᠠᠰᠤᠷᠠᠯ ᠢᠶᠠᠷ ᠲᠠᠮᠵᠢᠨ᠂ ᠬᠠᠯᠳᠠᠪᠤᠷᠢᠳᠤ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠬᠦᠮᠦᠰ ᠲᠤ ᠬᠠᠯᠳᠠᠪᠤᠷᠢᠳᠤ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠳᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠴᠡᠭᠴᠡᠳᠡᠢ ᠦᠷᠨᠢᠬᠦᠯᠬᠦ ᠳᠤ ᠪᠠᠳᠤ ᠰᠠᠭᠤᠷᠢ ᠲᠠᠯᠪᠢᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号