ᠬᠠᠷᠠᠴᠢᠨ ᠬᠤᠰᠢᠭᠤ᠄ ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠡ ᠶᠢᠨ ᠦᠷ᠎ᠡ ᠪᠦᠳᠦᠭᠡᠯ ᠢ ᠬᠦᠳᠡᠭᠡ ᠲᠤᠰᠬᠤᠨ ᠢ ᠮᠠᠨᠳᠤᠭᠤᠯᠬᠤ ᠯᠤᠭ᠎ᠠ ᠵᠤᠯᠭᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/4/7

   2021ᠤᠨ ᠤ ᠲᠦᠪ ᠬᠤᠷᠢᠶᠠᠨ ᠤ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠢ ᠵᠢᠩᠬᠢᠨᠢ ᠪᠠᠷ ᠨᠡᠶᠢᠳᠡᠯᠡᠯ᠎ᠡ᠂

ᠡᠨᠡ ᠪᠤᠯ ᠬᠤᠷᠢᠨ ᠨᠢᠭᠡᠳᠦᠭᠡᠷ ᠵᠠᠭᠤᠨ ᠠᠴᠠ ᠨᠠᠰᠢᠬᠢ ︽ᠭᠤᠷᠪᠠᠨ ᠲᠠᠷᠢᠶᠠᠯᠠᠩ︾ ᠤᠨ ᠠᠵᠢᠯ ᠢ ᠵᠢᠯᠤᠭᠤᠳᠬᠤ

ᠲᠦᠪ ᠬᠤᠷᠢᠶᠠᠨ ᠤ ᠠᠷᠪᠠᠨ ᠨᠠᠢᠮᠠᠳᠠᠬᠢ ᠤᠳᠠᠭᠠᠨ ᠤ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠪᠤᠯᠬᠤ ᠶᠤᠮ᠂

ᠪᠢᠴᠢᠭ ᠮᠠᠲ᠋ᠧᠷᠢᠶᠠᠯ ᠳᠤ ᠬᠦᠳᠡᠭᠡ ᠲᠤᠰᠬᠤᠨ ᠢ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ ᠲᠠᠷᠢᠶᠠᠯᠠᠩ ᠠᠵᠤ

ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠬᠦ ᠪᠠᠷ ᠲᠤᠷᠠᠳᠪᠠ᠂ ᠡᠭᠦᠨ ᠤ ᠬᠠᠮᠳᠤ᠂ ᠦᠨᠦ

ᠵᠢᠯ ᠪᠠᠯ ︽ᠠᠷᠪᠠᠨ ᠲᠦᠷᠪᠡᠳᠦᠭᠡᠷ ᠲᠠᠪᠤᠨ ᠵᠢᠯ︾ ᠲᠦᠯᠦᠪᠵᠢᠬᠦᠯᠭᠡ ᠶᠢᠨ ᠡᠬᠢᠯᠡᠯᠳᠡ ᠶᠢᠨ ᠵᠢᠯ ᠮᠦᠨ᠃ ᠶᠠᠳᠠᠭᠤ

 ᠠᠴᠠ ᠠᠩᠬᠢᠵᠢᠷᠠᠭᠤᠯᠬᠤ ᠰᠢᠪᠳᠦᠯᠦᠯᠳᠡ ᠶᠢᠨ ᠦᠷ᠎ᠡ ᠪᠦᠳᠦᠭᠡᠯ ᠢ ᠬᠡᠷᠬᠢᠨ ᠰᠠᠶᠢᠳᠤᠷ ᠬᠠᠮᠠᠭᠠᠯᠠᠬᠤ ᠲᠤᠬᠠᠢ

ᠰᠤᠷᠪᠤᠯᠵᠢᠯᠠᠭᠴᠢ ᠠᠴᠠ ᠬᠠᠷᠠᠴᠢᠨ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠰᠢᠦᠢ

ᠰᠢᠶᠤᠤ ᠳ᠋ᠦᠩ ᠢ ᠰᠤᠷᠪᠤᠯᠵᠢᠯᠠᠯ᠎ᠠ᠃

   ︽ᠬᠠᠷᠠᠴᠢᠨ ᠬᠤᠰᠢᠭᠤ ᠪᠤᠯ ᠤᠯᠤᠰ ᠤᠨ ᠲᠡᠰ ᠤᠨ ᠶᠠᠳᠠᠭᠤ ᠬᠦᠴᠢᠷᠳᠡᠢ ᠰᠢᠶᠠᠨ ᠶᠤᠮ᠂ ᠬᠡᠳᠦᠨ ᠵᠢᠯ ᠤᠨ

ᠲᠤᠷᠰᠢ ᠪᠦᠬᠦ ᠬᠤᠰᠢᠭᠤ ᠪᠠᠷ ᠢᠶᠠᠨ ᠬᠠᠮᠳᠤ ᠪᠠᠷ ᠢᠶᠠᠨ ᠴᠢᠷᠮᠠᠶᠢᠨ᠂ 2019 ᠤᠨ ᠳᠤ ᠦᠪᠡᠷᠳᠡᠭᠡᠨ ᠵᠠᠰᠠᠬᠤ

ᠤᠷᠤᠨ ᠤ ᠵᠠᠰᠠᠭ ᠤᠨ ᠤᠷᠳᠤᠨ ᠠᠴᠠ ᠮᠠᠨ ᠤ ᠬᠤᠰᠢᠭᠤ ᠶᠢ ᠤᠯᠤᠰ ᠤᠨ ᠶᠠᠳᠠᠭᠤ ᠬᠦᠴᠢᠷᠳᠡᠢ ᠰᠢᠶᠠᠨ ᠤ

ᠵᠢᠭᠰᠠᠭᠠᠯᠳᠠ ᠠᠴᠠ ᠭᠠᠷᠭᠠᠬᠤ ᠪᠠᠷ ᠨᠠᠶᠢᠳᠡᠯᠡᠪᠡ᠂ 2020 ᠤᠨ ᠤ ᠡᠴᠤᠰ ᠪᠤᠯᠬᠤ ᠳᠤ ᠪᠦᠬᠦ ᠬᠤᠰᠢᠭᠤᠨ ᠤ

ᠲᠡᠩᠰᠡ ᠪᠠᠶᠢᠭᠤᠯᠵᠤ ᠺᠠᠷᠲ ᠵᠤᠬᠢᠶᠠᠭᠰᠠᠨ ᠶᠠᠳᠠᠭᠤ ᠬᠦᠴᠢᠷᠳᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ

ᠠᠩᠬᠢᠵᠢᠷᠠᠭᠤᠯᠬᠤ ᠶᠢ ᠪᠡᠶᠡᠯᠡᠭᠦᠯᠪᠡ᠃︾ ᠰᠢᠦᠢ ᠰᠢᠶᠤᠤ ᠳ᠋ᠦᠩ ᠰᠤᠷᠪᠤᠯᠵᠢᠯᠠᠭᠴᠢ ᠳᠤ ᠶᠠᠷᠢᠬᠤ ᠳᠤ ᠪᠠᠨ ︽

ᠲᠠᠷᠠᠭᠠᠴᠢ ᠶᠢᠨ ᠠᠯᠬᠤᠮ ᠳᠤ᠂ ᠬᠠᠷᠠᠴᠢᠨ ᠬᠤᠰᠢᠭᠤ ᠬᠦᠳᠡᠭᠡ ᠲᠤᠰᠬᠤᠨ ᠢ ᠮᠠᠨᠳᠤᠭᠤᠯᠬᠤ ᠶᠢ ᠪᠦᠬᠦ ᠲᠠᠯ᠎ᠠ ᠪᠠᠷ

ᠬᠡᠷᠡᠭᠵᠢᠬᠦᠯᠬᠦ ᠪᠠᠷ ᠤᠳᠤᠷᠢᠳᠤᠮᠵᠢ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠡ ᠶᠢᠨ ᠦᠷ᠎ᠡ

ᠪᠦᠳᠦᠭᠡᠯ ᠢ ᠬᠦᠳᠡᠭᠡ ᠲᠤᠰᠬᠤᠨ ᠢ ᠮᠠᠨᠳᠤᠭᠤᠯᠬᠤ ᠯᠤᠭ᠎ᠠ ᠵᠤᠯᠭᠠᠭᠤᠯᠬᠤ ᠪᠤᠯᠤᠨ᠎ᠠ᠃ ᠨᠢᠭᠡ ᠳᠤ ᠲᠡᠩᠰᠡ

ᠪᠠᠶᠢᠭᠤᠯᠵᠤ ᠺᠠᠷᠲ ᠵᠤᠬᠢᠶᠠᠭᠰᠠᠨ ᠶᠠᠳᠠᠭᠤ ᠬᠦᠴᠢᠷᠳᠡᠢ ᠬᠦᠮᠦᠨ ᠠᠮᠠ ᠶᠢᠨ  ︿ᠬᠤᠶᠠᠷ ᠲᠤ ᠵᠤᠪᠠᠭ᠋ᠤ ᠦᠭᠡᠢ ᠭᠤᠷᠪᠠ

 ᠶᠢ ᠪᠠᠳᠤᠯᠠᠬᠤ﹀ ᠶᠢ ᠰᠢᠢᠳᠪᠦᠷᠢᠯᠡᠬᠦ ᠶᠢ ᠭᠤᠤᠯ ᠪᠤᠯᠭᠠᠬᠤ ᠠᠴᠠ ᠭᠠᠷᠳᠠᠨ ᠬᠦᠳᠡᠭᠡ ᠲᠤᠰᠬᠤᠨ ᠤ ᠠᠵᠤ ᠦᠢᠯᠡᠰ ᠢ

ᠮᠠᠨᠳᠤᠭᠤᠯᠬᠤ᠂ ᠤᠷᠤᠰᠢᠨ ᠰᠠᠭᠤᠬᠤ ᠤᠷᠴᠢᠨ ᠲᠤᠭᠤᠷᠢᠨ᠂ ᠬᠦᠳᠡᠭᠡ ᠶᠢᠨ ᠵᠠᠩ ᠵᠠᠩᠰᠢᠯ ᠪᠤᠯᠪᠠᠰᠤᠨ᠂ ᠵᠠᠰᠠᠨ

ᠴᠡᠭᠴᠡᠯᠡᠬᠦ ᠶᠢ ᠦᠷ᠎ᠡ ᠠᠰᠢᠭᠳᠠᠢ ᠪᠠᠶᠢᠯᠭᠠᠬᠤ᠂ ᠠᠮᠢᠳᠤᠷᠠᠯ ᠪᠠᠶᠠᠨ ᠬᠦᠴᠦᠷᠭᠡᠭ ᠪᠤᠯᠭᠠᠬᠤ ᠶᠢ ᠪᠡᠶᠡᠯᠡᠬᠦᠯᠦᠨ᠂

ᠬᠡᠪᠴᠢᠶᠡᠵᠢᠯ ᠤᠨ ᠴᠢᠨᠠᠷᠳᠠᠢ ᠲᠠᠬᠢᠨᠳᠠ ᠶᠠᠳᠠᠭᠤᠷᠠᠬᠤ ᠶᠢ ᠰᠡᠷᠭᠡᠶᠢᠯᠡᠨ ᠰᠠᠬᠢᠨ᠎ᠠ᠃ ᠬᠤᠶᠠᠷ ᠲᠤ ᠡᠬᠢ ᠰᠤᠷᠪᠤᠯᠵᠢ

 ᠪᠠᠨ ᠲᠦᠪᠯᠡᠷᠡᠭᠦᠯᠦᠨ ᠶᠠᠳᠠᠭᠤ ᠠᠴᠠ ᠠᠩᠬᠢᠵᠢᠷᠠᠭᠤᠯᠬᠤ ᠶᠢ ᠲᠡᠮᠵᠢᠵᠦ ᠶᠠᠳᠠᠭᠤ ᠠᠴᠠ ᠠᠩᠬᠢᠵᠢᠷᠠᠭᠤᠯᠬᠤ

ᠰᠢᠪᠳᠦᠯᠦᠯᠳᠡ ᠶᠢᠨ ᠦᠷ᠎ᠡ ᠪᠦᠳᠦᠭᠡᠯ ᠢ ᠬᠦᠳᠡᠭᠡ ᠲᠤᠰᠬᠤᠨ ᠢ ᠮᠠᠨᠳᠤᠭᠤᠯᠬᠤ ᠯᠤᠭ᠎ᠠ ᠵᠤᠯᠭᠠᠭᠤᠯᠬᠤ ᠲᠡᠰᠢ

ᠰᠢᠯᠵᠢᠬᠦᠯᠦᠨ᠂ ᠤᠯᠠᠨ ᠨᠡᠶᠢᠳᠡ ᠶᠢᠨ ᠦᠢᠯᠡᠴᠢᠯᠡᠭᠡᠨ ᠢ ᠤᠯᠠᠮ ᠨᠢᠭᠡ ᠠᠯᠬᠤᠮ ᠲᠡᠰ ᠲᠠᠪᠰᠢᠭᠤᠯᠤᠨ᠎ᠠ᠃ ᠬᠤᠶᠠᠷ

ᠲᠠᠯ᠎ᠠ ᠶᠢᠨ ᠰᠢᠯᠵᠢᠯᠳᠡ ᠪᠠᠷ ᠮᠠᠨ ᠤ ᠬᠤᠰᠢᠭᠤᠨ ᠤ ᠲᠠᠷᠢᠶᠠᠯᠠᠩ ᠠᠵᠤ ᠠᠬᠤᠢ ᠬᠥᠳᠡᠭᠡ ᠲᠤᠰᠬᠤᠨ ᠤ

ᠤᠳᠤᠬᠢᠴᠢᠯᠠᠯᠳᠠ᠂ ᠬᠦᠳᠡᠭᠡ ᠲᠤᠰᠬᠤᠨ ᠤ ᠰᠡᠷᠭᠦᠭᠡᠨ ᠮᠠᠨᠳᠤᠯᠳᠠ ᠳᠤ ᠪᠠᠳᠤ ᠰᠠᠭᠤᠷᠢ ᠲᠠᠯᠪᠢᠵᠤ ᠦᠭᠬᠦ ᠶᠢ

ᠪᠠᠶᠠᠯᠡᠬᠦᠯᠦᠨ᠎ᠡ᠃︾

    ᠲᠦᠴᠢ ᠭᠠᠷᠤᠢ ᠵᠢᠯ ᠤᠨ ᠡᠮᠦᠨ᠎ᠡ᠂ ᠬᠦᠳᠡᠭᠡ ᠲᠤᠰᠬᠤᠨ ᠤ ᠦᠭᠡᠷᠡᠴᠢᠯᠡᠯᠳᠡ ᠨᠢ ᠦᠭᠡᠷᠡᠴᠢᠯᠡᠯᠳᠡ ᠬᠢᠵᠦ

ᠴᠢᠯᠦᠭᠡᠳᠡᠢ ᠶᠠᠪᠤᠯᠴᠠᠬᠤ ᠬᠦᠰᠢᠭᠡ ᠶᠢ ᠨᠡᠭᠡᠭᠡᠪᠡ᠃ ᠤᠳᠤ ᠪᠤᠯᠬᠤ ᠳᠤ ᠬᠦᠳᠡᠭᠡ ᠲᠤᠰᠬᠤᠨ ᠢ ᠮᠠᠨᠳᠤᠭᠤᠯᠬᠤ ᠪᠠᠷ

ᠲᠠᠷᠢᠶᠠᠯᠠᠩ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢᠨ ᠰᠢᠨ᠎ᠡ ᠪᠠᠶᠢᠳᠠᠯ ᠢ ᠡᠬᠢᠯᠡᠭᠦᠯᠪᠡ᠃ ᠰᠢᠨ᠎ᠡ

ᠬᠦᠭᠵᠢᠯᠳᠡ ᠶᠢᠨ ᠤᠶᠢᠯᠠᠭᠠᠭᠳᠠᠬᠤᠨ ᠢᠶᠠᠷ ᠵᠢᠯᠤᠭᠤᠳᠤᠯᠭ᠎ᠠ ᠪᠤᠯᠭᠠᠵᠤ᠂ ᠰᠢᠨ᠎ᠡ ᠴᠠᠭ ᠦᠶ᠎ᠡ ᠶᠢᠨ ᠬᠦᠳᠡᠭᠡ

ᠲᠤᠰᠬᠤᠨ ᠤ ᠮᠠᠨᠳᠤᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠤᠯᠤᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号