| | | | | | ᠤᠶᠢᠷ᠎ᠠ ᠳᠤ᠂ ᠤᠯᠠᠭᠠᠨᠬᠠᠳᠠ ᠬᠤᠳᠠ ᠶᠢᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ | ᠲᠤᠭᠳᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠨ ᠤ ᠬᠤᠰᠢᠭᠤᠨ ᠤ ᠠᠵᠤ ᠠᠬᠤᠢ ᠶᠢᠨ ᠨᠡᠮᠡᠭᠳᠡᠯ ᠤᠨ | ᠰᠢᠨ᠎ᠡ ᠬᠦᠳᠡᠯᠭᠡᠬᠦ ᠬᠦᠴᠦᠨ ᠢ ᠪᠤᠶᠢᠵᠢᠭᠤᠯᠬᠤ ᠶᠢᠨ ᠲᠦᠯᠦᠭᠡ ᠬᠠᠷᠠᠴᠢᠨ ᠬᠤᠰᠢᠭᠤ ᠨᠢ ᠠᠷᠠᠯᠵᠢᠶᠠᠴᠢᠨ ᠤᠷᠢᠵᠤ | ᠪᠡᠯᠡ ᠲᠠᠳᠠᠬᠤ ︽ᠡᠷᠡᠯᠬᠡᠭᠯᠡᠨ ᠤᠷᠤᠭᠰᠢᠯᠠᠬᠤ︾ ᠬᠡᠯᠪᠡᠷᠢ ᠪᠠᠨ ᠡᠬᠢᠯᠡᠭᠦᠯᠦᠭᠰᠡᠨ ᠢ ᠰᠤᠷᠪᠤᠯᠵᠢᠯᠠᠭᠴᠢ ᠬᠠᠷᠠᠴᠢᠨ | ᠬᠤᠰᠢᠭᠤᠨ ᠤ ᠮᠦᠩᠭᠦᠨ ᠭᠦᠢᠯᠭᠡᠭᠡ ᠪᠠ ᠪᠡᠯᠡ ᠤᠷᠤᠭᠤᠯᠤᠯᠳᠠ ᠶᠢ ᠠᠬᠢᠭᠤᠯᠬᠤ ᠲᠤᠪᠴᠢᠶᠠᠨ ᠠᠴᠠ ᠤᠶᠢᠯᠠᠭᠠᠯ᠎ᠠ᠃ | | | | | | | ︽ᠵᠢᠯ ᠠᠴᠠ ᠡᠮᠦᠨ᠎ᠡ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠦᠬᠦ ᠬᠤᠰᠢᠭᠤᠨ ᠤ | ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠵᠢᠴᠢ ᠠᠷᠠᠯᠵᠢᠶᠠᠴᠢᠨ ᠤᠷᠢᠵᠤ ᠪᠡᠯᠡ ᠲᠠᠳᠠᠬᠤ | ᠠᠵᠢᠯ ᠢ ᠠᠶᠢᠭᠤᠯᠬᠤ ᠶᠡᠭᠡ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠢ | ᠬᠤᠸᠠ᠂ ᠬᠤᠰᠢᠭᠤᠨ ᠲᠠᠷᠤᠭ᠎ᠠ ᠵᠠᠩ ᠭᠦᠸᠧ ᠬᠤᠸᠠ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ | ᠲᠠᠳᠠᠬᠤ ᠵᠢᠯᠤᠭᠤᠳᠤᠭᠴᠢ ᠲᠠᠷᠤᠭ᠎ᠠ ᠶᠢᠨ ᠲᠤᠰᠢᠶᠠᠯ ᠢ ᠡᠭᠦᠷᠭᠡᠯᠡᠨ᠂ 300 ᠤᠷᠴᠢᠮ ᠬᠦᠮᠦᠰ ᠢ ᠰᠤᠩᠭᠤᠨ᠂ | ᠠᠷᠠᠯᠵᠢᠶᠠᠴᠢᠨ ᠤᠷᠢᠵᠤ ᠪᠡᠯᠡ ᠲᠠᠳᠠᠬᠤ ᠰᠢᠪᠳᠤᠯᠤᠯᠳᠠ ᠶᠢᠨ 3 ᠠᠩᠬᠢ᠂ ᠠᠵᠤ ᠦᠢᠯᠡᠰ ᠤᠨ ᠠᠷᠠᠯᠵᠢᠶᠠᠴᠢᠨ | ᠤᠷᠢᠬᠤ 5 ᠲᠤᠭᠤᠶᠢᠯᠠᠩ᠂ 11 ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠷᠠᠯᠵᠢᠶᠠᠴᠢᠨ ᠤᠷᠢᠬᠤ ᠪᠠᠭ᠎ᠠ ᠠᠩᠬᠢ | ᠶᠢ ᠵᠤᠬᠢᠶᠠᠨ ᠪᠠᠶᠢᠭᠤᠯᠵᠤ᠂ 39 ᠵᠦᠪᠯᠡᠯ ᠠᠯᠪᠠᠨ ᠭᠡᠷ ᠲᠤᠪᠴᠢᠶ᠎ᠠ ᠲᠦᠪ ᠢ ᠲᠤᠭᠳᠠᠭᠰᠠᠨ ᠤᠷᠤᠨ ᠲᠤᠭᠤᠷᠢᠭ ᠲᠤ | ᠬᠦᠷᠴᠦ ᠠᠷᠠᠯᠵᠢᠶᠠᠴᠢᠨ ᠤᠷᠢᠬᠤ ᠠᠵᠢᠯ ᠦᠷᠨᠢᠬᠦᠯᠵᠦ᠂ ᠪᠦᠬᠦ ᠬᠤᠰᠢᠭᠤᠨ ᠳᠤ ᠠᠷᠠᠯᠵᠢᠶᠠᠴᠢᠨ ᠤᠷᠢᠵᠤ ᠪᠡᠯᠡ | ᠲᠠᠳᠠᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠤᠷᠤᠰᠬᠠᠯ ᠢ ᠲᠠᠷᠤᠢ ᠲᠦᠷᠭᠡᠨ ᠦᠷᠨᠢᠭᠦᠯᠪᠡ᠃︾ | ᠮᠦᠩᠭᠦᠨ ᠭᠦᠢᠯᠭᠡᠭᠡ ᠪᠠ ᠪᠡᠯᠡ ᠤᠷᠤᠭᠤᠯᠤᠯᠳᠠ ᠶᠢ ᠠᠬᠢᠭᠤᠯᠬᠤ ᠲᠤᠪᠴᠢᠶᠠᠨ ᠲᠠᠷᠤᠭ᠎ᠠ ᠰᠢᠦᠢ ᠶᠠᠨ | ᠰᠤᠷᠪᠤᠯᠵᠢᠯᠠᠭᠴᠢ ᠳᠤ ᠶᠠᠷᠢᠵᠦ ᠪᠠᠶᠢᠯ᠎ᠠ᠃ | | | | | ᠮᠦᠩᠭᠦᠨ ᠭᠦᠢᠯᠭᠡᠭᠡ ᠪᠠ ᠪᠡᠯᠡ ᠤᠷᠤᠭᠤᠯᠤᠯᠳᠠ ᠶᠢ ᠠᠬᠢᠭᠤᠯᠬᠤ ᠲᠤᠪᠴᠢᠶᠠᠨ ᠤ ᠲᠠᠷᠠᠭᠠᠴᠢ ᠶᠢᠨ ᠠᠵᠢᠯ ᠢ | ᠶᠠᠷᠢᠬᠤ ᠳᠤ᠂ ᠰᠢᠦᠢ ᠶᠠᠨ᠄ ︽ᠲᠠᠷᠠᠭᠠᠴᠢ ᠪᠠᠷ᠂ ᠪᠦᠬᠦ ᠬᠤᠰᠢᠭᠤ ᠪᠠᠷ ᠢᠶᠠᠨ ︿ᠨᠢᠭᠡᠨᠳᠡ ᠲᠦᠯᠦᠪᠰᠢᠭᠰᠡᠨ | ᠲᠦᠷᠦᠯ ᠵᠦᠢᠯ﹀ ᠢ ᠠᠬᠢᠭᠤᠯᠬᠤ ᠬᠦᠴᠦᠯᠡᠴᠡ ᠪᠠᠨ ᠶᠡᠬᠡᠰᠬᠡᠨ᠎ᠡ᠃ ᠪᠦᠬᠦ ᠬᠤᠰᠢᠭᠤ ᠪᠠᠷ ᠢᠶᠠᠨ ᠬᠤᠳᠠ ᠶᠢᠨ | ᠵᠠᠰᠠᠭ ᠤᠨ ᠤᠷᠳᠤᠨ ᠤ ᠮᠠᠨ ᠤ ᠬᠤᠰᠢᠭᠤ ᠶᠢ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠲᠤᠭᠤᠷᠢᠭ ᠤᠨ ᠬᠤᠳᠠ ᠶᠢᠨ ᠲᠡᠰ ᠤᠨ ᠪᠤᠯᠭᠠᠨ ᠪᠠᠶᠢᠭᠤᠯᠬᠤ ᠪᠠᠷ ᠵᠦᠪᠰᠢᠶᠡᠷᠡᠭᠰᠡᠨ ᠲᠤᠬᠢᠶᠠᠯ ᠢ ᠠᠳᠬᠤᠨ᠂ | ᠬᠤᠳᠠ ᠶᠢᠨ ᠵᠠᠰᠠᠭ ᠤᠨ ᠤᠷᠳᠤᠨ ᠠᠴᠠ ᠰᠤᠳᠤᠯᠤᠨ ᠲᠤᠭᠳᠠᠭᠠᠭᠰᠠᠨ 13 ᠶᠡᠭᠡ ᠲᠦᠷᠦᠯ ᠤᠨ ᠨᠠᠷᠢᠯᠢᠭ | ᠬᠤᠪᠢᠶᠠᠭᠰᠠᠨ 77 ᠠᠵᠤ ᠦᠢᠯᠡᠰ ᠤᠨ ᠲᠦᠷᠦᠯ ᠵᠦᠢᠯ ᠢ ᠴᠢᠩᠭ᠎ᠠ ᠮᠦᠷᠳᠡᠨ᠂ ᠠᠷᠠᠯᠵᠢᠶᠠᠴᠢᠨ ᠤᠷᠢᠵᠤ ᠪᠡᠯᠡ | ᠲᠠᠳᠠᠬᠤ ᠠᠵᠢᠯ ᠢ ᠪᠦᠬᠦ ᠬᠦᠴᠦᠨ ᠢᠶᠠᠷ ᠢᠶᠠᠨ ᠦᠷᠨᠢᠬᠦᠯᠦᠨ᠎ᠡ᠃︾ ᠭᠡᠵᠦ ᠤᠮᠤᠭ ᠲᠡᠭᠦᠯᠳᠡᠷ ᠶᠠᠷᠢᠯ᠎ᠠ᠃ | | | | | ᠤᠶᠢᠯᠠᠭᠠᠭᠰᠠᠨ ᠢᠶᠠᠷ᠂ ᠤᠶᠢᠷ᠎ᠠ ᠶᠢᠨ ᠬᠤᠶᠠᠷ ᠰᠠᠷ᠎ᠠ ᠳᠤ ᠪᠦᠬᠦ ᠬᠤᠰᠢᠭᠤᠨ ᠠᠴᠠ ᠠᠷᠠᠯᠵᠢᠶᠠᠴᠢᠨ ᠤᠷᠢᠬᠤ | ᠬᠦᠮᠦᠰ ᠢ 79 ᠪᠦᠯᠦᠭ ᠤᠳᠠᠭ᠎ᠠ ᠲᠤᠮᠢᠯᠠᠨ᠂ 33 ᠲᠦᠷᠦᠯ ᠵᠦᠢᠯ ᠢ ᠲᠦᠯᠦᠪᠯᠡᠨ ᠭᠠᠷ ᠤᠨ ᠦᠰᠦᠭ ᠵᠢᠷᠤᠵᠦ᠂ | ᠡᠭᠦᠨ ᠤ ᠲᠤᠳᠤᠷ᠎ᠠ 14 ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠢ ᠨᠢᠭᠡᠨᠳᠡ ᠠᠵᠢᠯ | ᠡᠬᠢᠯᠡᠬᠦᠯᠬᠦ ᠡᠮᠦᠨ᠎ᠡ ᠬᠤᠭᠤᠴᠠᠭᠠᠨ ᠤ ᠪᠡᠯᠡᠳᠭᠡᠯ ᠠᠵᠢᠯ ᠢ ᠦᠷᠨᠢᠭᠦᠯᠪᠡ᠃ | | | | | | | | | | |