ᠨᠢᠦ ᠵᠢᠶᠠ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠ ᠤᠯᠠᠭᠠᠨᠬᠠᠳᠠ ᠶᠢᠨ ᠴᠢᠩ ᠰᠧᠨ ᠢ ᠮᠤ᠋ ᠭᠡᠷ ᠤᠨ ᠬᠡᠷᠡᠭᠰᠡᠯ ᠤᠨ ᠬᠢᠵᠠᠭᠠᠷᠳᠤ ᠺᠤᠮᠫᠠᠨᠢ ᠪᠡᠯᠡ ᠤᠷᠤᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2021/4/8

   ᠤᠶᠢᠷ᠎ᠠ ᠳᠤ᠂ ᠨᠢᠦ ᠵᠢᠶᠠ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᡂᠢ ᠴᠧᠩ ᠭᠡᠷ ᠤᠨ

ᠬᠡᠷᠡᠭᠰᠡᠯ ᠤᠨ ᠦᠢᠯᠡᠳᠬᠦ ᠪᠦᠭᠡᠮᠨᠡᠷᠡᠯ ᠤᠨ ᠵᠠᠬ᠎ᠠ ᠲᠡᠯᠭᠡᠭᠦᠷ ᠤᠨ ᠪᠦᠳᠦᠭᠡᠨ ᠪᠠᠶᠢᠭᠤᠯᠬᠤ ᠲᠦᠷᠦᠯ ᠵᠦᠢᠯ ᠨᠢ

ᠤᠯᠠᠭᠠᠨᠬᠠᠳᠠ ᠶᠢᠨ ᠴᠢᠩ ᠰᠧᠨ ᠢ ᠮᠤ᠋ ᠭᠡᠷ ᠤᠨ ᠬᠡᠷᠡᠭᠰᠡᠯ ᠤᠨ ᠬᠢᠵᠠᠭᠠᠷᠳᠤ ᠺᠤᠮᠫᠠᠨᠢ ᠪᠡᠯᠡ ᠤᠷᠤᠭᠤᠯᠬᠤ

ᠬᠡᠯᠡᠯᠴᠡᠭᠡᠷ ᠲᠤᠭᠳᠠᠵᠤ᠂ ᠨᠢᠦ ᠵᠢᠶᠠ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠢᠦᠢ ᡁᠢ ᠵᠢᠶᠠᠨ

 ᠪᠠ ᠤᠯᠠᠭᠠᠨᠬᠠᠳᠠ ᠶᠢᠨ ᠴᠢᠩ ᠰᠧᠨ ᠢ ᠮᠤ᠋ ᠭᠡᠷ ᠤᠨ ᠬᠡᠷᠡᠭᠰᠡᠯ ᠤᠨ ᠬᠢᠵᠠᠭᠠᠷᠳᠤ ᠺᠤᠮᠫᠠᠨᠢ ᠶᠢᠨ ᠵᠠᠬᠢᠷᠤᠯ ᠯᠢᠶᠠᠩ

ᠪᠤᠤ ᠮᠢᠩ ᠪᠡᠯᠡ ᠤᠷᠤᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃

   ‍ᠤᠤᠢ ᠴᠧᠩ ᠬᠡᠷ ᠪᠦᠯᠢ ᠶᠢᠨ ᠬᠡᠷᠡᠭᠰᠡᠯ ᠤᠨ ᠦᠢᠯᠡᠳᠪᠦᠷᠢᠯᠡᠯ ᠤᠨ ᠪᠥᠭᠡᠮᠨᠡᠷᠡᠯ ᠤᠨ ᠲᠤᠰᠬᠠᠶ ᠵᠠᠬ᠎ᠠ

ᠳᠡᠯᠭᠡᠭᠦᠷ ᠤᠨ ᠲᠥᠷᠥᠯ ᠵᠦᠢᠯ ᠳᠤ 270 ᠮᠥ ᠭᠠᠵᠠᠷ ᠡᠵᠡᠯᠡᠬᠦ ᠪᠠᠷ ᠲᠥᠯᠥᠪᠯᠡᠵᠦ᠂ ᠶᠡᠷᠦᠩᠬᠡᠶ ᠪᠠᠯᠠ

ᠣᠷᠣᠭᠤᠯᠤᠯᠲᠠ ᠨᠢ ᠪᠠᠷᠤᠭ 8 ᠳ᠋ᠦᠩᠰᠢᠭᠤᠷ ᠲᠥᠭᠦᠷᠢᠭ ᠪᠠᠶᠢᠵᠤ᠂ ᠨᠠᠷᠠᠲᠤ ᠲᠡᠮᠳᠡᠭ ᠡᠭᠦᠳᠬᠦ᠂ ᠲᠤᠰᠬᠠᠶᠢᠵᠢᠭᠰᠠᠨ

᠂ ᠬᠡᠪᠴᠢᠶᠡᠵᠢᠭᠦᠯᠦᠭᠰᠡᠨ ᠬᠡᠯᠪᠡᠷᠢ ᠶᠢ ᠨᠢᠭᠡ ᠴᠤᠭᠴᠠᠵᠢᠭᠤᠯᠤᠭᠰᠠᠨ᠂ ᠳᠤᠮᠳᠠᠳᠤ ᠤᠯᠤᠰ ᠤᠨ ᠤᠮᠠᠷᠠᠲᠤ ᠣᠷᠣᠨ ᠳᠤ

ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠬᠡᠷ ᠪᠦᠯᠢ ᠶᠢᠨ ᠬᠡᠷᠡᠭᠰᠡᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ

ᠪᠣᠯᠭᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃

   ᠨᠢᠦ ᠵᠢᠶᠠ ᠶᠢᠩᠽᠢ ᠪᠠᠯᠭᠠᠰᠤᠨ ᠤ ᠣᠷᠣᠨ ᠪᠠᠶᠢᠷᠢ ᠶᠢᠨ ᠳᠠᠪᠠᠭᠤᠯᠢᠭ ᠨᠢ ᠢᠯᠡᠷᠬᠡᠢ ᠪᠠᠶᠢᠵᠤ᠂ ᠢᠦᠶ ᠯᠦᠩ

ᠨᠢᠰᠬᠡᠯ ᠤᠨ ᠪᠠᠭᠤᠳᠠᠯ ᠬᠠᠷᠢᠶ᠎ᠠ ᠣᠷᠣᠨ ᠳᠠᠭᠠᠨ ᠪᠠᠶᠢᠷᠢᠰᠢᠵᠤ᠂ G45 ᠳ᠋ᠠ ᠭᠤᠸᠠᠩ ᠲᠦᠷᠭᠡᠨ ᠵᠠᠮ᠂ ᠮᠤᠵᠢ ᠶᠢᠨ

ᠵᠠᠮ ᠤᠨ 206 ᠱᠤᠭᠤᠮ ᠥᠩᠭᠡᠷᠡᠵᠦ ᠪᠠᠶᠢᠳᠠᠭ᠂ ᠪᠥᠬᠦ ᠪᠠᠯᠭᠠᠰᠤ ᠪᠠᠷ ᠢᠶᠠᠨ ᠬᠤᠳᠠᠯᠳᠤᠭ᠎ᠠ ᠡᠷᠭᠢᠯᠡᠬᠦ ᠣᠷᠴᠢᠨ

ᠨᠥᠬᠦᠴᠡᠯ ᠢ ᠰᠢᠯᠢᠳᠡᠭᠵᠢᠭᠦᠯᠬᠦ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠳᠬᠠᠬᠤ ᠶᠢ ᠴᠢᠨᠠᠷ

ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠠᠮᠢᠨ ᠰᠤᠳᠠᠰᠤᠨ ᠤ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂

ᠪᠥᠬᠦ ᠪᠠᠯᠭᠠᠰᠤᠨ ᠤ ᠺᠠᠳ᠋ᠷᠴᠤᠳ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠬᠤᠳᠠᠯᠳᠤᠭ᠎ᠠ ᠡᠷᠭᠢᠯᠡᠬᠦ ᠣᠷᠴᠢᠨ

ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ‍ᠤᠤᠢ ᠴᠧᠩ ᠤᠨ ᠬᠡᠷ ᠤᠨ ᠬᠡᠷᠡᠭᠰᠡᠯ ᠤᠨ

ᠦᠢᠯᠡᠳᠪᠦᠷᠢᠯᠡᠯ ᠤᠨ ᠪᠦᠯᠦᠭᠯᠡᠯ ᠤᠨ ᠲᠤᠰᠬᠠᠶ ᠵᠠᠬ᠎ᠠ ᠳᠡᠯᠭᠡᠭᠦᠷ ᠤᠨ ᠲᠥᠷᠥᠯ ᠵᠦᠢᠯ ᠳᠤ ᠤᠷᠢᠳ ᠢᠶᠠᠷ ᠭᠡᠷ᠎ᠡ

ᠲᠣᠭᠲᠠᠵᠤ᠂ ᠳ᠋ᠠ ᠳ᠋ᠢ ᠬᠤᠩ ᠢ ᠬᠠᠷᠠᠴᠢᠨ ᠬᠤᠰᠢᠭᠤᠨ ᠤ ᠪᠧᠲ᠋ᠤᠨ ᠵᠢᠭᠤᠷᠠᠬᠤ ᠥᠷᠲᠡᠭᠡ ᠵᠡᠷᠭᠡ ᠲᠥᠷᠥᠯ ᠵᠦᠢᠯ

ᠨᠢᠭᠡᠨᠲᠡ ᠬᠠᠮᠤᠭ ᠤᠨ ᠡᠴᠦᠰ ᠤᠨ ᠨᠡᠪᠲᠡᠷᠡᠯᠴᠡᠬᠦ ᠱᠠᠲᠤᠨ ᠳᠤ ᠣᠷᠣᠵᠤ᠂ ᠨᠢᠦ ᠵᠢᠶᠠ ᠶᠢᠩᠽᠢ ᠪᠠᠯᠭᠠᠰᠤᠨ ᠤ

ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠷᠳᠤᠴᠠ ᠶᠢ

ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠠᠶᠢᠨ ᠡᠬᠢᠯᠡᠯᠲᠡ ᠲᠠᠢ ᠪᠣᠯᠤᠭᠰᠠᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号