ᠤᠯᠤᠰ ᠤᠨ ᠴᠠᠬᠢᠯᠭᠠᠨ ᠲᠣᠤᠷ ᠤᠨ ᠬᠠᠷᠠᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠬᠠᠩᠭᠠᠯᠭ᠎ᠠ ᠶᠢ ᠪᠠᠲᠤᠯᠠᠨ ᠵᠠᠰᠠᠨ ᠰᠡᠯᠪᠢᠬᠦ ᠲᠤᠭᠤᠷᠢᠨ ᠪᠠᠶᠢᠴᠠᠭᠠᠯᠳᠠ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/4/8

   ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠤᠯᠤᠰ ᠤᠨ ᠴᠠᠬᠢᠯᠭᠠᠨ ᠲᠣᠤᠷ ᠤᠨ ᠬᠠᠷᠠᠴᠢᠨ

ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠠᠩᠭᠠᠬᠤ ᠦᠢᠯᠡᠴᠢᠯᠡᠭᠡᠨ ᠤ ᠲᠥᠪ ᠤᠨ

ᠬᠠᠷᠢᠭᠤᠴᠠᠯᠭᠠᠲᠠᠨ ᠶᠠᠭ ᠲᠥᠪ ᠤᠨ ᠲᠣᠭᠲᠠᠭᠠᠭᠰᠠᠨ ᠴᠠᠬᠢᠯᠭᠠᠨ ᠢ ᠪᠠᠲᠤᠯᠠᠬᠤ ᠲᠥᠰᠦᠯ ᠤᠨ ᠶᠣᠰᠣᠭᠠᠷ ᠴᠠᠬᠢᠯᠭᠠᠨ ᠢ

ᠪᠠᠲᠤᠯᠠᠬᠤ ᠣᠨᠴᠠ ᠪᠠᠶᠢᠴᠠᠭᠠᠯᠲᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ ᠪᠠᠶᠢᠪᠠ᠃

   ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠠᠷ ᠤᠨ ᠡᠳᠦᠷ ᠤᠨ ᠴᠠᠬᠢᠯᠭᠠᠨ ᠢ

ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠲᠥᠯᠥᠭᠡ᠂ ᠬᠠᠷᠠᠴᠢᠨ

ᠬᠤᠰᠢᠭᠤᠨ ᠤ ᠺᠣᠮᠫᠠᠨᠢ ᠴᠠᠬᠢᠯᠭᠠᠨ ᠢ ᠪᠠᠲᠤᠯᠠᠬᠤ ᠲᠤᠰᠬᠠᠶ ᠠᠵᠢᠯ ᠤᠨ ᠲᠥᠰᠦᠯ ᠲᠣᠭᠲᠠᠭᠠᠵᠤ᠂ ᠪᠠᠴᠢᠮ ᠪᠠᠶᠢᠳᠠᠯ ᠢ

ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ

ᠴᠢᠳᠠᠪᠤᠷᠢ ᠪᠠᠨ ᠳᠡᠭᠡᠭᠰᠢᠯᠡᠭᠦᠯᠵᠦ ᠪᠠᠶᠢᠨ᠎ᠠ᠃ ᠬᠢᠵᠢᠭ ᠢ ᠰᠡᠷᠭᠡᠶᠢᠯᠡᠬᠦ ᠴᠢᠬᠤᠯᠠ ᠬᠡᠷᠡᠭᠯᠡᠭᠴᠢ᠂ ᠠᠶᠤᠯ ᠲᠦᠭᠰᠢᠭᠦᠷᠢ

ᠶᠡᠬᠡᠲᠡᠶ ᠴᠢᠬᠤᠯᠠ ᠬᠡᠷᠡᠭᠯᠡᠭᠴᠢ ᠳᠤ ᠪᠠᠶᠠᠷ ᠤᠨ ᠡᠳᠦᠷ ᠠᠴᠠ ᠡᠮᠦᠨᠡᠬᠢ ᠲᠤᠰᠬᠠᠶ ᠵᠦᠢᠯ ᠤᠨ ᠪᠠᠶᠢᠴᠠᠭᠠᠯᠲᠠ ᠬᠢᠪᠡ᠃

   ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠠᠷᠠᠴᠢᠨ ᠬᠤᠰᠢᠭᠤᠨ ᠤ ᠺᠣᠮᠫᠠᠨᠢ ᠠᠴᠠ ᠴᠠᠬᠢᠯᠭᠠᠨ ᠢ

ᠪᠠᠲᠤᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠷᠢᠳᠴᠢᠯᠠᠨ ᠲᠣᠭᠲᠠᠭᠠᠵᠤ᠂ ᠴᠠᠬᠢᠯᠭᠠᠨ ᠬᠦᠴᠦᠨ ᠤ

ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠵᠠᠪᠳᠤᠨ

ᠵᠠᠰᠠᠬᠤ ᠦᠢᠯᠡᠴᠢᠯᠡᠭᠡᠨ ᠤ ᠠᠩᠬᠢ ᠶᠢᠨ ᠨᠠᠮ ᠤᠨ ᠭᠡᠰᠢᠭᠦᠨ ᠢ ᠰᠣᠩᠭᠤᠨ ᠭᠠᠷᠭᠠᠵᠤ ᠨᠠᠮ ᠤᠨ ᠭᠡᠰᠢᠭᠦᠨ ᠤ

ᠦᠢᠯᠡᠴᠢᠯᠡᠭᠡᠨ ᠤ ᠠᠩᠬᠢ ᠶᠢ ᠪᠦᠷᠢᠯᠳᠦᠭᠦᠯᠵᠦ᠂ ᠴᠡᠴᠡᠷᠯᠢᠭ᠂ ᠠᠭᠤᠳᠠᠮ ᠲᠠᠯᠠᠪᠠᠢ᠂ ᠵᠡᠭᠡᠯᠢ ᠭᠤᠳᠤᠮᠵᠢ ᠵᠢᠴᠢ

ᠤᠯᠠᠨ ᠨᠡᠶᠢᠲᠡ ᠶᠢᠨ ᠰᠡᠯᠡᠭᠦᠴᠡᠯ ᠤᠨ ᠲᠠᠯᠠᠪᠤᠷ ᠲᠤ ᠭᠦᠨᠵᠡᠭᠡᠶᠢᠷᠡᠨ᠂ ᠵᠠᠮ ᠤᠨ ᠳ᠋ᠧᠩ᠂ ᠥᠩᠭᠡᠲᠦ ᠳ᠋ᠧᠩ ᠵᠡᠷᠭᠡ

ᠰᠥᠨᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠪᠠ ᠵᠠᠮ ᠱᠤᠭᠤᠮ ᠢ ᠪᠠᠶᠢᠴᠠᠭᠠᠵᠤ᠂ ᠠᠮᠤᠷ ᠲᠦᠪᠰᠢᠨ ᠪᠦᠭᠡᠳ

ᠲᠤᠭᠳᠠᠪᠤᠷᠢᠳᠠᠢ ᠴᠠᠬᠢᠯᠭᠠᠨ ᠬᠦᠴᠦᠨ ᠤ ᠬᠠᠩᠭᠠᠯᠭ᠎ᠠ ᠶᠢ ᠦᠨᠡᠨ ᠬᠦ ᠪᠠᠲᠤᠯᠠᠵᠦ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号