ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠪᠡᠭᠡᠵᠢᠩ ᠳᠤ ᠬᠤᠷᠠᠯᠳᠤᠪᠠ | | ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ | ᠲᠤᠯᠭᠠᠭᠤᠷᠢᠯᠡᠯ ᠪᠣᠯᠭᠠᠬᠤ ᠶᠢ ᠪᠠᠷᠢᠮᠲᠠᠯᠠᠵᠥ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠥ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠰᠢᠭᠤᠷᠠᠯ ᠬᠦᠷᠢᠶᠡᠨ ᠳᠤ ᠬᠠᠨᠳᠤᠵᠦ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠵᠤ᠂ | ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠦ᠂ ᠠᠷᠠᠳ ᠲᠦᠮᠡᠨ ᠤ ᠠᠮᠢ ᠨᠠᠰᠤᠨ ᠤ ᠡᠷᠡᠭᠦᠯ ᠮᠡᠨᠳᠦ ᠳᠤ | ᠬᠠᠨᠳᠤᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ | ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠤᠨ᠂ ᠶᠡᠭᠡ | ᠬᠠᠨᠳᠤᠰᠢ ᠶᠢ ᠡᠵᠡᠮᠳᠡᠵᠤ᠂ ᠠᠵᠠ ᠲᠣᠬᠢᠶᠠᠯ ᠢ ᠠᠮᠵᠢᠨ᠂ ᠠᠰᠠᠭᠤᠳᠠᠯ ᠳᠤ ᠰᠢᠭᠤᠳ ᠬᠠᠨᠳᠤᠨ ᠬᠦᠴᠢᠷ ᠢ ᠰᠦᠷᠦᠨ | ᠤᠷᠤᠭᠰᠢᠯᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠤᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠱᠠᠯᠠᠪᠳᠠᠨ ᠪᠠᠶᠢᠭᠤᠯᠵᠥ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠦᠨᠳᠦᠷ ᠲᠦᠪᠰᠢᠨ ᠢᠶᠠᠷ ᠪᠡᠶᠡᠯᠡᠭᠦᠯᠬᠦ | ᠬᠡᠷᠡᠭᠲᠡᠢ ᠬᠡᠵᠥ ᠴᠢᠬᠤᠯᠠᠴᠢᠯᠠᠪᠠ | | ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ | ᠵᠧᠩ ᠬᠤᠷᠠᠯ ᠳᠤ ᠣᠷᠣᠯᠴᠠᠪᠠ | | 5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ | ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | 5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠦᠪᠡᠳᠡᠭᠰᠢ ᠶᠡᠭᠡ ᠪᠠᠷ ᠬᠤᠷᠠᠯᠳᠤᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ | ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠶᠡᠭᠡ ᠬᠤᠷᠠᠯ ᠳᠤ ᠣᠷᠣᠯᠴᠠᠪᠠ᠃ | | ᠰᠢᠨ᠊ᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ | ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ | ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 28 ᠤ ᠦᠳᠡ ᠶᠢᠨ ᠡᠮᠦᠨ᠎ᠡ ᠠᠷᠠᠳ ᠤᠨ | ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠶ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢᠨ ᠲᠤᠯᠭᠠᠭᠤᠷᠢᠯᠡᠯ ᠪᠣᠯᠭᠠᠬᠤ ᠶᠢ ᠪᠠᠷᠢᠮᠲᠠᠯᠠᠵᠥ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠥ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠰᠢᠭᠤᠷᠠᠯ ᠬᠦᠷᠢᠶᠡᠨ ᠳᠤ ᠬᠠᠨᠳᠤᠵᠦ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ | ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠦ᠂ ᠠᠷᠠᠳ ᠲᠦᠮᠡᠨ ᠤ ᠠᠮᠢ ᠨᠠᠰᠤᠨ ᠤ ᠡᠷᠡᠭᠦᠯ | ᠮᠡᠨᠳᠦ ᠳᠤ ᠬᠠᠨᠳᠤᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠤᠨ᠂ | ᠶᠡᠭᠡ ᠬᠠᠨᠳᠤᠰᠢ ᠶᠢ ᠡᠵᠡᠮᠳᠡᠵᠤ ᠠᠵᠠ ᠲᠣᠬᠢᠶᠠᠯ ᠢ ᠠᠮᠵᠢᠨ᠂ ᠠᠰᠠᠭᠤᠳᠠᠯ ᠳᠤ ᠰᠢᠭᠤᠳ ᠬᠠᠨᠳᠤᠨ ᠬᠦᠴᠢᠷ ᠢ | ᠰᠦᠷᠦᠨ ᠤᠷᠤᠭᠰᠢᠯᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠱᠠᠯᠠᠪᠳᠠᠨ ᠪᠠᠶᠢᠭᠤᠯᠵᠥ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠥᠨᠳᠥᠷ ᠲᠦᠪᠰᠢᠨ ᠢᠶᠠᠷ ᠪᠡᠶᠡᠯᠡᠭᠦᠯᠬᠦ | ᠬᠡᠷᠡᠭᠲᠡᠢ ᠬᠡᠵᠥ ᠴᠢᠬᠤᠯᠠᠴᠢᠯᠠᠪᠠ᠃ | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠶᠡᠭᠡ ᠬᠤᠷᠠᠯ ᠢ ᠡᠷᠬᠢᠯᠡᠪᠡ᠃ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ | ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠣᠷᠣᠯᠴᠠᠪᠠ᠃ | | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠳᠠᠯᠠᠪᠠᠢ ᠳᠠᠶᠠᠭᠠᠷ ᠪᠣᠰᠴᠤ ᠵᠣᠭᠰᠣᠨ | ᠤᠯᠤᠰ ᠤᠨ ᠰᠦᠯᠳᠡ ᠳᠠᠭᠤᠤ ᠶᠢ ᠳᠠᠭᠤᠯᠠᠪᠠ᠃ | | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ | ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ | ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ︽ | ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠲᠤ᠂ ᠨᠡᠶᠢᠭᠡᠮ ᠵᠢᠷᠤᠮᠳᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠴᠢᠬᠤᠯᠠ | ᠴᠠᠭ ᠮᠥᠴᠡ ᠳᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠠᠬᠢᠭᠤᠯᠬᠤ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠬᠦ ᠶᠢᠨ ᠲᠦᠯᠦᠭᠡ ᠬᠤᠷᠠᠯᠳᠤᠭᠰᠠᠨ ᠨᠢᠭᠡ | ᠤᠳᠠᠭ᠎ᠠ ᠶᠢᠨ ᠦᠪᠡᠳᠡᠭᠰᠢ ᠬᠤᠷᠠᠯ ᠪᠣᠯᠤᠨ᠎ᠠ ᠬᠡᠵᠥ ᠵᠢᠭᠠᠵᠥ ᠭᠠᠷᠭᠠᠪᠠ᠃ ᠰᠢ ᠶᠢᠨ ᠫᠢᠩ ᠨᠠᠮ ᠤᠨ ᠲᠥᠪ | ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ | ᠢᠯᠡᠳᠬᠡᠵᠥ᠂ ᠡᠯ᠎ᠡ ᠠᠵᠢᠯ ᠤᠨ ᠪᠠᠶᠢᠷᠢ ᠳᠤ ᠰᠢᠷᠭᠠᠭᠤ ᠠᠵᠢᠯᠯᠠᠵᠤ ᠬᠤᠪᠢ ᠨᠡᠮᠡᠷᠢ ᠦᠵᠡᠭᠦᠯᠵᠤ ᠪᠠᠶᠢᠭ᠎ᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ | ᠢᠯᠡᠳᠬᠡᠪᠡ᠃ 5 ᠰᠠᠷ᠎ᠠ ᠶᠢᠨ 30 ᠤ ᠡᠳᠦᠷ ᠪᠣᠯ ᠲᠠᠪᠤᠳᠡᠬᠢ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠳᠠᠨ ᠤ ᠡᠳᠦᠷ ᠪᠣᠯᠤᠨ᠎ᠠ᠂ ᠰᠢ ᠶᠢᠨ ᠫᠢᠩ ᠪᠦᠬᠦ ᠤᠯᠤᠰ ᠤᠨ ᠥᠷᠭᠡᠨ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ | | ᠰᠢ ᠶᠢᠨ ᠫᠢᠩ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ | ᠦᠶ᠎ᠡ ᠳᠤ᠂ ᠮᠠᠨ ᠤ ᠨᠠᠮ ᠴᠦᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠳᠡᠬᠡᠳᠤ ᠬᠡᠮᠵᠢᠶ᠎ᠡ ᠪᠠᠷ | ᠴᠢᠬᠤᠯᠠᠴᠢᠯᠠᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠨᠢ ᠨᠠᠮ ᠪᠣᠯᠤᠨ ᠠᠷᠠᠳ ᠲᠦᠮᠡᠨ ᠤ | ᠦᠢᠯᠡᠰ ᠤᠨ ᠳᠤᠮᠳᠠ ᠢᠮᠠᠭᠲᠠ ᠲᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ ᠪᠠᠶᠢᠵᠥ᠂ | ᠲᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠦᠢᠯᠡᠳᠦᠯ ᠦᠵᠡᠭᠦᠯᠵᠡᠢ᠃ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠥᠷᠢᠰᠥᠯᠳᠦᠭᠡᠨ ᠤ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠮᠠᠭᠠᠳᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠭᠤᠣᠯ | ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠠᠵᠢᠯ ᠢ ᠪᠦᠬᠦ ᠲᠠᠯ᠎ᠠ ᠪᠠᠷ ᠲᠥᠯᠥᠪᠯᠡᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠠᠬᠢ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠡᠭᠡ ᠬᠠᠨᠳᠤᠰᠢ ᠶᠢ ᠠᠵᠢᠡᠡᠯᠠᠨ᠂ ᠪᠦᠬᠦ ᠲᠠᠯ᠎ᠠ ᠶᠢ | ᠲᠥᠯᠥᠪᠵᠢᠭᠦᠯᠵᠦ᠂ ᠦᠨᠳᠦᠰᠦᠨ ᠵᠦᠢᠯ ᠢ ᠠᠳᠬᠤᠵᠤ᠂ ᠥᠨᠳᠥᠷ ᠪᠦᠲᠦᠮᠵᠢᠲᠡᠢ ᠵᠣᠬᠢᠶᠠᠨ ᠪᠠᠶᠢᠭᠤᠯᠤᠨ | ᠳᠠᠶᠢᠴᠢᠯᠠᠬᠤ ᠰᠢᠰᠲ᠋ᠧᠮ ᠪᠣᠯᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠡᠬᠢ ᠪᠠᠶᠠᠯᠢᠭ ᠢ ᠲᠤᠬᠢᠷᠠᠭᠤᠯᠬᠤ ᠵᠠᠭᠪᠤᠷ ᠢ ᠪᠦᠷᠢᠯᠳᠦᠭᠦᠯᠪᠡ᠃ ᠪᠢᠳᠡ ᠳᠡᠯᠡᠬᠡᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ | ᠬᠠᠷᠠᠯᠲᠠ ᠶᠢ ᠪᠠᠲᠤ ᠡᠵᠡᠮᠳᠡᠵᠦ᠂ ᠥᠷᠯᠥᠭᠡ ᠦᠳᠡᠰᠢ ᠶᠢ ᠲᠡᠮᠡᠴᠡᠬᠦ ᠡᠭᠦᠷᠭᠡᠲᠦ ᠪᠤᠳᠤᠯ᠂ ᠬᠠᠷᠢᠭᠤᠴᠠᠯᠭᠠᠲᠤ | ᠰᠡᠳᠬᠢᠯᠭᠡ᠂ ᠲᠤᠯᠭᠠᠮ ᠪᠤᠳᠤᠯ ᠢᠶᠠᠷ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠰᠠᠭᠤᠷᠢ ᠬᠤᠰᠢᠭᠤᠷᠠᠯ ᠬᠦᠷᠢᠶᠡᠨ ᠳᠤ ᠭᠠᠪᠰᠢᠭᠠᠶᠢᠯᠠᠨ | ᠲᠡᠮᠡᠴᠡᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠬᠦᠳᠦᠯᠦᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠤᠭᠠᠯ ᠰᠢᠨ᠎ᠡ ᠡᠭᠦᠳᠦᠯᠳᠡ ᠶᠢᠨ ᠲᠠᠯ᠎ᠠ ᠪᠠᠷ ᠰᠢᠨ᠎ᠡ | ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠴᠢᠬᠤᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ | ᠲᠠᠪᠠᠯᠳᠠᠳᠤ ᠴᠢᠨᠠᠷᠳᠠᠢ ᠬᠥᠭᠵᠢᠯᠲᠡ ᠶᠢ ᠪᠡᠶᠡᠯᠡᠭᠦᠯᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠠᠯᠢ ᠤᠯᠠᠨ | ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠥ᠂ ᠤᠯᠤᠰ ᠤᠨ ᠰᠢᠨ᠎ᠡ ᠶᠢ ᠡᠭᠦᠳᠬᠦ | ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠠᠰᠢᠬ ᠢ ᠳᠡᠭᠡᠭᠰᠢᠯᠡᠭᠦᠯᠪᠡ᠃ ᠪᠢᠳᠡ ᠴᠢᠳᠠᠪᠤᠷᠢᠲᠠᠨ ᠢᠶᠠᠷ | ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠳᠡᠯᠡᠬᠡᠢ ᠳ᠋ᠠᠬᠢᠨ ᠤ | ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠵᠦ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠳᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ | ᠬᠥᠭᠵᠢᠭᠡᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠨᠡᠬᠡᠬᠡᠯᠳᠡ ᠬᠠᠮᠲᠤᠷᠠᠯᠴᠠᠭ᠎ᠠ ᠶᠢ | ᠥᠷᠭᠡᠳᠬᠡᠨ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠥᠷᠢᠰᠥᠯᠳᠦᠭᠡᠨ ᠢ | ᠰᠢᠢᠳᠪᠦᠷᠢᠯᠡᠬᠦ ᠳᠤ ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢᠶᠠᠷ ᠨᠡᠩ ᠤᠯᠠᠨ ᠤᠯᠤᠰ ᠪᠠ ᠠᠷᠠᠳ ᠲᠦᠮᠡᠨ ᠳᠤ ᠠᠰᠢᠬ ᠬᠦᠷᠲᠡᠭᠡᠬᠦ ᠶᠢ | ᠴᠢᠷᠮᠠᠶᠢᠨ ᠠᠬᠢᠭᠤᠯᠪᠠ ᠬᠡᠵᠥ ᠴᠢᠬᠤᠯᠠᠴᠢᠯᠠᠪᠠ᠃ | | ᠰᠢ ᠶᠢᠨ ᠫᠢᠩ᠂ ᠬᠡᠳᠦᠨ ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠣᠳᠠᠲᠤ ᠬᠦᠴᠦᠨ ᠶᠠᠭ ᠲᠣᠭᠠᠨ ᠤ ᠬᠤᠷᠠᠮᠳᠤᠯ ᠠᠴᠠ ᠴᠢᠨᠠᠷ ᠤᠨ ᠦᠰᠦᠷᠦᠯᠲᠡ ᠲᠡᠶᠢᠰᠢ ᠠᠬᠢᠵᠤ᠂ ᠴᠡᠭ ᠤᠨ | ᠰᠢᠪᠲᠤᠯᠤᠯᠲᠠ ᠠᠴᠠ ᠰᠢᠰᠲ᠋ᠧᠮᠳᠤ ᠴᠢᠳᠠᠪᠤᠷᠢ ᠶᠢᠨ ᠳᠡᠭᠡᠭᠰᠢᠯᠡᠯᠲᠡ ᠲᠡᠶᠢᠰᠢ ᠠᠬᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠲᠡᠦᠬᠡᠲᠦ ᠴᠢᠨᠠᠷᠲᠠᠢ ᠠᠮᠵᠢᠯᠲᠠ ᠤᠯᠪᠠ᠃ ᠰᠠᠭᠤᠷᠢ | ᠰᠤᠳᠤᠯᠭᠠᠨ ᠪᠠ ᠤᠤᠭᠠᠯ ᠰᠢᠨ᠎ᠡ ᠡᠭᠦᠳᠦᠯᠲᠡ ᠶᠢᠨ ᠲᠠᠯ᠎ᠠ ᠪᠠᠷ ᠴᠢᠬᠤᠯᠠ ᠠᠬᠢᠴᠠ ᠲᠠᠢ ᠪᠠᠶᠢᠵᠤ᠂ ᠪᠠᠶᠢᠯᠳᠤᠬᠤ | ᠪᠤᠳᠤᠯᠭ᠎ᠠ ᠶᠢᠨ ᠳᠡᠭᠡᠳᠦ ᠮᠡᠷᠭᠡᠵᠢᠯ ᠤᠨ ᠬᠦᠷᠢᠶᠡᠨ ᠳᠤ ᠰᠢᠨ᠎ᠡ ᠳᠠᠪᠠᠯᠲᠠ ᠲᠠᠢ ᠪᠤᠯᠵᠤ᠂ ᠳᠡᠭᠡᠳᠦ ᠲᠡᠰ ᠤᠨ ᠠᠵᠤ | ᠦᠢᠯᠡᠰ ᠲᠤ ᠰᠢᠨ᠎ᠡ ᠰᠢᠪᠲᠤᠯᠤᠯᠲᠠ ᠲᠠᠢ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ | ᠰᠡᠷᠭᠡᠶᠢᠯᠡᠨ ᠡᠵᠡᠮᠳᠡᠬᠦ ᠳᠤᠮᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠬᠤᠯᠠ ᠦᠢᠯᠡᠳᠦᠯ ᠦᠵᠡᠭᠦᠯᠤᠨ᠂ | ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ ᠲᠤᠪᠤᠶᠢᠮ᠎ᠠ ᠠᠮᠵᠢᠯᠲᠠ | ᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ | ᠡᠭᠦᠳᠬᠦ ᠲᠠᠯ᠎ᠠ ᠪᠠᠷ ᠴᠢᠬᠤᠯᠠ ᠶᠡᠭᠡ ᠠᠮᠵᠢᠯᠲᠠ ᠤᠯᠪᠠ᠃ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠦᠢᠯᠡᠰ ᠶᠡᠭᠡ ᠠᠮᠵᠢᠯᠳᠠ ᠤᠯᠵᠤ ᠪᠤᠯᠤᠨ᠎ᠠ᠂ ᠮᠠᠨ ᠤ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠳᠠᠨ ᠶᠡᠭᠡ ᠵᠢᠳᠭᠦᠯ ᠴᠢᠷᠮᠠᠶᠢᠯᠭ᠎ᠠ ᠲᠠᠢ ᠭᠡᠳᠡᠭ ᠢ ᠦᠢᠯᠡᠳᠦᠯᠭᠡ ᠭᠡᠷᠡᠴᠢᠯᠡᠵᠠᠢ᠃ | ᠮᠠᠨ ᠤ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠴᠠᠭ ᠦᠶ᠎ᠡ ᠲᠠᠢ | ᠵᠡᠷᠭᠡ ᠪᠠᠷ ᠤᠷᠤᠭᠰᠢᠯᠠᠬᠤ ᠵᠣᠷᠢᠭ ᠰᠠᠨᠠᠭ᠎ᠠ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ ᠰᠥᠰᠥ ᠵᠣᠷᠢᠭ | ᠂ ᠰᠢᠨᠲᠠᠷᠠᠰᠢ ᠦᠭᠡᠢ ᠳᠤᠭᠳᠠᠯ ᠬᠦᠴᠦᠨ ᠢᠶᠠᠷ ᠴᠠᠭ ᠦᠶ᠎ᠡ ᠠᠴᠠ ᠤᠯᠭᠤᠭᠰᠠᠨ ᠬᠦᠨᠳᠦ ᠡᠭᠦᠷᠭᠡ ᠶᠢ ᠡᠭᠦᠷᠭᠡᠯᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠥᠨᠳᠥᠷ | ᠲᠦᠪᠰᠢᠨ ᠢᠶᠠᠷ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | | ᠰᠢ ᠶᠢᠨ ᠫᠢᠩ᠂ ᠤᠤᠭᠠᠯ ᠡᠭᠦᠳᠦᠯᠲᠡ ᠶᠢᠨ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ᠃ | ᠰᠠᠭᠤᠷᠢ ᠰᠤᠳᠤᠯᠭᠠᠨ ᠤ ᠲᠠᠯ᠎ᠠ ᠪᠠᠷ ᠵᠣᠷᠢᠭᠲᠠᠢ ᠰᠦᠪᠡᠭᠴᠢᠯᠡᠵᠦ᠂ ᠤᠤᠭᠠᠯ ᠡᠭᠦᠳᠦᠯᠲᠡ ᠶᠢ ᠲᠤᠪᠤᠶᠢᠯᠭᠠᠨ᠂ | ᠪᠠᠶᠢᠭᠠᠯᠢ ᠶᠢᠨ ᠲᠤᠬᠠᠢ ᠲᠠᠨᠢᠯᠳᠠ ᠪᠠᠨ ᠥᠷᠭᠡᠳᠬᠡᠵᠤ᠂ ᠰᠢᠨ᠎ᠡ ᠲᠠᠨᠢᠨ ᠮᠡᠳᠡᠬᠦᠢ ᠶᠢᠨ ᠬᠦᠷᠢᠶ᠎ᠠ ᠶᠢ ᠨᠡᠭᠡᠭᠡᠬᠦ ᠬᠡᠷᠡᠭᠲᠡᠢ | ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠳᠤ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠠᠮᠤᠭ ᠤᠨ ᠪᠠᠴᠢᠮ᠂ ᠬᠠᠮᠤᠭ ᠤᠨ ᠲᠤᠯᠭᠠᠮ ᠠᠰᠠᠭᠤᠳᠠᠯ ᠳᠤ ᠴᠢᠭᠯᠡᠭᠦᠯᠦᠨ᠂ | ᠤᠯᠤᠰ ᠤᠨ ᠪᠠᠴᠢᠮ ᠲᠤᠯᠭᠠᠮ ᠬᠡᠷᠡᠭᠴᠡᠭᠡ ᠪᠣᠯᠤᠨ ᠠᠯᠤᠰ ᠬᠡᠳᠦ ᠶᠢᠨ ᠬᠡᠷᠡᠭᠴᠡᠭᠡ ᠶᠢ ᠪᠤᠳᠤᠯᠬᠢᠯᠠᠬᠤ ᠬᠡᠷᠡᠭᠲᠡᠢ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠴᠢᠩᠭᠠᠳᠬᠠᠵᠤ᠂ ᠠᠵᠤ ᠠᠬᠤᠶᠢᠯᠠᠯ ᠤᠨ ᠰᠡᠳᠦᠪ | ᠭᠠᠷᠭᠠᠭᠴᠢ ᠶᠢᠨ ᠦᠢᠯᠡᠳᠦᠯ ᠢ ᠪᠠᠳᠠᠷᠠᠭᠤᠯᠤᠨ᠂ ᠳᠠᠭᠠᠭᠤᠯᠤᠭᠴᠢ ᠠᠵᠤ ᠠᠬᠤᠶᠢᠯᠠᠯ ᠲᠦᠷᠦᠭᠦᠯᠡᠨ ᠬᠢᠬᠦ᠂ ᠶᠡᠭᠡ | ᠳᠡᠭᠡᠳᠦ ᠰᠤᠷᠭᠠᠭᠤᠯᠢ ᠰᠤᠳᠤᠯᠭᠠᠨ ᠤ ᠬᠦᠷᠢᠶᠡᠯᠡᠩ ᠭᠠᠵᠠᠷ ᠲᠤᠯᠭᠠᠭᠤᠷᠢᠯᠠᠬᠤ᠂ ᠡᠯ᠎ᠡ ᠰᠢᠨ᠎ᠡ ᠶᠢ ᠡᠭᠦᠳᠬᠦ ᠭᠤᠣᠯ | ᠴᠣᠭᠴᠠ ᠬᠠᠷᠢᠯᠴᠠᠨ ᠬᠠᠮᠵᠢᠯᠴᠠᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠱᠠᠯᠠᠪᠳᠠᠨ ᠪᠠᠶᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠠᠨ ᠰᠢᠨᠵᠢᠯᠡᠭᠡᠨ ᠤ ᠰᠠᠯᠠᠭ᠎ᠠ ᠶᠢ ᠤᠶᠠᠯᠳᠤᠭᠤᠯᠤᠭᠰᠠᠨ ᠤᠳᠤ | ᠦᠶ᠎ᠡ ᠶᠢᠨ ᠢᠨᠵᠧᠨᠧᠷᠢᠩ ᠪᠠ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠶᠡᠭᠡ ᠪᠠᠷ ᠴᠢᠩᠭᠠᠳᠬᠠᠵᠤ᠂ | ᠰᠠᠭᠤᠷᠢ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠮᠡᠷᠭᠡᠵᠢᠯ ᠤᠨ ᠬᠥᠭᠵᠢᠯᠲᠡ ᠶᠢ ᠲᠠᠶᠢᠴᠢᠯᠠᠨ᠂ ᠪᠦᠷᠢᠨ | ᠲᠡᠭᠦᠯᠳᠡᠷ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠰᠲ᠋ᠧᠮ ᠢ ᠪᠤᠢ ᠪᠣᠯᠭᠠᠬᠤ ᠬᠡᠷᠡᠭᠲᠡᠢ | ᠭᠡᠵᠤ ᠴᠢᠬᠤᠯᠠᠴᠢᠯᠠᠵᠠᠢ᠃ | | ᠰᠢ ᠶᠢᠨ ᠫᠢᠩ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠨ ᠢ ᠴᠢᠩᠭᠠᠳᠬᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠲᠤᠷᠰᠢᠯᠲᠠ ᠶᠢᠨ ᠲᠠᠰᠤᠭ᠂ ᠤᠯᠤᠰ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ | ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠭᠠᠭᠤᠯᠤᠬᠴᠢ ᠠᠵᠤ ᠠᠬᠤᠶᠢᠯᠠᠯ ᠪᠣᠯ ᠴᠥᠮ | ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠴᠢᠬᠤᠯᠠ | ᠪᠦᠷᠢᠯᠳᠦᠬᠦᠨ ᠬᠡᠰᠡᠭ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠥᠨᠳᠥᠷ ᠲᠦᠪᠰᠢᠨ | ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠡᠭᠦᠷᠭᠡᠯᠡᠯ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ | ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠪᠠ | ᠠᠯᠤᠰ ᠬᠡᠳᠤ ᠶᠢᠨ ᠠᠰᠢᠭ ᠲᠤᠰᠠ ᠶᠢ ᠨᠥᠯᠥᠭᠡᠯᠡᠨ ᠬᠢᠵᠠᠭᠠᠷᠯᠠᠬᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠤᠭᠠᠯ ᠰᠢᠨ᠎ᠡ ᠡᠭᠦᠳᠦᠯᠳᠡ ᠶᠢᠨ ᠭᠤᠯᠤᠮᠳᠠ ᠤᠷᠤᠨ ᠢ | ᠱᠠᠯᠠᠪᠳᠠᠨ ᠪᠠᠶᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ | ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ ᠰᠠᠭᠤᠷᠢ ᠰᠤᠳᠤᠯᠭᠠᠨ ᠭᠦᠨ | ᠵᠤᠵᠠᠭᠠᠨ᠂ ᠰᠢᠨᠵᠢᠯᠡᠭᠡᠨ ᠤ ᠰᠠᠯᠠᠭ᠎ᠠ ᠰᠣᠯᠪᠢᠴᠠᠨ ᠠᠭᠤᠰᠤᠯᠴᠠᠬᠤ ᠳᠠᠪᠠᠭᠤᠯᠢᠭ ᠢᠶᠠᠨ ᠪᠠᠳᠠᠷᠠᠭᠤᠯᠵᠤ᠂ ᠰᠠᠭᠤᠷᠢ | ᠰᠤᠳᠤᠯᠭᠠᠨ ᠤ ᠭᠤᠣᠯ ᠬᠦᠴᠦᠨ ᠪᠣᠯᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠪᠲᠤᠯᠤᠯᠲᠠ ᠶᠢᠨ ᠰᠢᠨ᠎ᠡ ᠬᠦᠴᠦᠨ ᠪᠣᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠵᠠᠬ᠎ᠠ ᠳᠡᠯᠭᠡᠭᠦᠷ ᠤᠨ ᠬᠡᠷᠡᠭᠴᠡᠭᠡ᠂ ᠬᠤᠷᠠᠮᠠᠯ ᠰᠢᠨ᠎ᠡ ᠡᠭᠦᠳᠦᠯᠳᠡ᠂ ᠵᠣᠬᠢᠶᠠᠨ | ᠪᠠᠶᠢᠭᠤᠯᠬᠤ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠤᠯᠤᠰ ᠤᠨ ᠠᠵᠤ ᠦᠢᠯᠡᠰ ᠤᠨ ᠰᠠᠭᠤᠷᠢ | ᠴᠢᠳᠠᠪᠤᠷᠢ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ᠃ ᠡᠯ᠎ᠡ ᠭᠠᠵᠠᠷ ᠣᠷᠣᠨ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠶᠢᠷᠢᠰᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃ | | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠠᠬᠢᠭᠤᠯᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠲᠦᠷᠢᠮ ᠢ ᠪᠦᠷᠢᠯᠳᠦᠭᠦᠯᠬᠦ ᠬᠡᠷᠡᠭᠲᠡᠢ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷᠠᠬᠢ ᠰᠢᠨ᠎ᠡ ᠮᠠᠶ᠋ᠢᠭ ᠤᠨ ᠤᠯᠤᠰ | ᠳᠠᠶᠠᠭᠠᠷ ᠤᠨ ᠪᠠᠶᠢᠭᠤᠯᠤᠯ ᠢ ᠲᠡᠭᠦᠯᠳᠡᠷᠵᠢᠭᠦᠯᠵᠦ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠳᠡ ᠶᠢᠨ ᠵᠣᠬᠢᠶᠠᠨ ᠪᠠᠶᠢᠭᠤᠯᠤᠭᠴᠢ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ᠃ ᠦᠨᠡᠯᠡᠬᠦ ᠲᠦᠷᠢᠮ ᠢ ᠲᠡᠭᠦᠯᠳᠡᠷᠵᠢᠭᠦᠯᠬᠦ ᠵᠡᠷᠭᠡ ᠰᠠᠭᠤᠷᠢ ᠥᠭᠡᠷᠡᠴᠢᠯᠡᠯᠲᠡ ᠶᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠶᠠᠰᠤ ᠴᠢᠨᠠᠷ᠂ ᠠᠮᠵᠢᠯᠲᠠ ᠪᠦᠲᠦᠮᠵᠢ᠂ ᠬᠤᠪᠢ ᠨᠡᠮᠡᠷᠢ ᠪᠠᠷ ᠭᠤᠣᠯ ᠪᠣᠯᠭᠠᠭᠰᠠᠨ ᠦᠨᠡᠯᠡᠬᠦ | ᠤᠳᠤᠷᠢᠳᠤᠮᠵᠢ ᠶᠢ ᠪᠠᠷᠢᠮᠲᠠᠯᠠᠨ᠂ ᠦᠷ᠎ᠡ ᠪᠦᠲᠦᠭᠡᠯ ᠤᠨ ᠰᠢᠨ᠎ᠡ ᠶᠢ ᠡᠭᠦᠳᠦᠭᠰᠡᠨ ᠲᠦᠪᠰᠢᠨ᠂ ᠤᠨᠳᠤᠤᠰᠢᠭᠤᠯᠤᠨ | ᠬᠡᠷᠡᠭᠯᠡᠭᠰᠡᠨ ᠠᠮᠵᠢᠯᠲᠠ ᠪᠦᠲᠦᠮᠵᠢ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠪᠣᠳᠠᠲᠠᠢ | ᠬᠤᠪᠢ ᠨᠡᠮᠡᠷᠢ ᠶᠢ ᠪᠦᠬᠦ ᠲᠠᠯ᠎ᠠ ᠪᠠᠷ ᠣᠨᠣᠪᠴᠢᠲᠠᠢ ᠲᠤᠰᠬᠠᠬᠤ ᠬᠡᠷᠡᠭᠲᠡᠢ᠃ ᠨᠡᠩ ᠶᠡᠭᠡ ᠰᠥᠰᠥ ᠵᠣᠷᠢᠭ ᠢᠶᠠᠷ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢᠨ ᠬᠤᠪᠢᠷᠠᠯᠳᠠ ᠶᠢ | ᠠᠬᠢᠭᠤᠯᠵᠤ᠂ ᠪᠠᠶᠢᠯᠳᠤᠬᠤ ᠪᠤᠳᠤᠯᠭ᠎ᠠ ᠶᠢ ᠠᠳᠬᠤᠬᠤ᠂ ᠥᠭᠡᠷᠡᠴᠢᠯᠡᠯᠲᠡ ᠶᠢ ᠠᠳᠬᠤᠬᠤ᠂ ᠲᠥᠯᠥᠪᠵᠢᠭᠦᠯᠭᠡ ᠶᠢ | ᠠᠳᠬᠤᠬᠤ᠂ ᠦᠢᠯᠡᠴᠢᠯᠡᠭᠡ ᠶᠢ ᠠᠳᠬᠤᠬᠤ ᠪᠠᠶᠢᠷᠢ ᠲᠣᠭᠲᠠᠭᠠᠯᠲᠠ ᠶᠣᠰᠣᠭᠠᠷ᠂ ᠰᠤᠷᠲᠠᠯ ᠢ ᠬᠤᠪᠢᠷᠠᠭᠤᠯᠤᠨ᠂ | ᠴᠢᠳᠠᠪᠤᠷᠢ ᠶᠢ ᠳᠡᠭᠡᠭᠰᠢᠯᠡᠭᠦᠯᠵᠦ᠂ ᠲᠥᠯᠥᠪᠵᠢᠭᠦᠯᠭᠡ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠶᠢ ᠴᠢᠩᠭᠠᠳᠬᠠᠨ | ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠳᠤ ᠨᠡᠩ ᠤᠯᠠᠨ ᠡᠵᠡᠨ ᠮᠡᠳᠡᠬᠦ ᠡᠷᠬᠡ ᠣᠯᠭᠤᠵᠤ᠂ ᠰᠢᠨᠵᠢᠯᠡᠬᠦ | ᠤᠬᠠᠭᠠᠨᠲᠠᠨ ᠳᠤ ᠨᠡᠩ ᠶᠡᠭᠡ ᠮᠡᠷᠭᠡᠵᠢᠯ ᠤᠨ ᠱᠤᠭᠤᠮ ᠢ ᠲᠣᠭᠲᠠᠭᠠᠬᠤ ᠡᠷᠬᠡ ᠪᠣᠯᠤᠨ ᠵᠠᠷᠤᠳᠠᠯ ᠢ ᠬᠡᠷᠡᠭᠯᠡᠬᠦ ᠡᠷᠬᠡ | ᠣᠯᠭᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠢ ᠶᠠᠷᠰᠢᠭ ᠲᠦᠪᠡᠭᠲᠡᠢ᠂ ᠴᠢᠬᠤᠯᠠ ᠪᠤᠰᠤ ᠪᠠᠶᠢᠭᠤᠯᠤᠮᠵᠢ ᠲᠣᠭᠲᠠᠴᠠ ᠶᠢᠨ ᠬᠦᠯᠢᠶᠡᠰᠦᠯᠡᠯ ᠠᠴᠠ | ᠴᠢᠯᠥᠭᠡᠯᠡᠬᠦ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ | ᠲᠣᠭᠲᠠᠭᠠᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠬᠡᠯᠪᠡᠷᠢ ᠶᠢ ᠥᠭᠡᠷᠡᠴᠢᠯᠡᠵᠦ᠂ ︽ᠡᠭᠦᠷᠭᠡ ᠬᠦᠯᠢᠶᠡᠵᠦ | ᠲᠦᠷᠦᠭᠦᠯᠡᠨ ᠬᠢᠬᠦ︾᠂ ︽ᠮᠣᠷᠢ ᠤᠷᠤᠯᠳᠤᠬᠤ︾ ᠵᠡᠷᠭᠡ ᠲᠦᠷᠢᠮ ᠢ ᠬᠡᠷᠡᠭᠵᠢᠭᠦᠯᠤᠨ᠂ ᠬᠢᠷᠢ ᠭᠡᠮ ᠢᠶᠠᠷ | ᠬᠢᠵᠠᠭᠠᠷᠯᠠᠬᠤ ᠦᠭᠡᠢ᠂ ᠨᠦᠬᠦᠴᠡᠯ ᠪᠠᠷᠢᠮᠵᠢᠶ᠎ᠠ ᠲᠣᠭᠲᠠᠭᠠᠬᠤ ᠦᠭᠡᠢ ᠪᠠᠶᠢᠬᠤ ᠶᠢ ᠪᠡᠶᠡᠯᠡᠭᠦᠯᠵᠤ᠂ ᠵᠢᠩᠬᠢᠨᠢ ᠡᠷᠳᠡᠮ | ᠴᠢᠳᠠᠪᠤᠷᠢ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠴᠢᠳᠠᠪᠤᠷᠢ ᠪᠠᠨ ᠪᠠᠳᠠᠷᠠᠭᠤᠯᠬᠤ | ᠭᠠᠵᠠᠷ ᠲᠠᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | | ᠰᠢ ᠶᠢᠨ ᠫᠢᠩ᠂ ᠨᠡᠭᠡᠭᠡᠯᠲᠡᠲᠦ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠨ᠂ ᠪᠦᠬᠦ ᠪᠥᠮᠪᠥᠷᠴᠡᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠣᠷᠣᠯᠴᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠳᠤ ᠳᠡᠯᠡᠬᠡᠶᠢᠴᠢ ᠴᠢᠨᠠᠷ᠂ ᠴᠠᠭ ᠦᠶᠡᠴᠢ ᠴᠢᠨᠠᠷ ᠲᠠᠢ ᠪᠠᠶᠢᠵᠤ᠂ ᠬᠥᠮᠦᠨ ᠲᠥᠷᠥᠯᠬᠢᠲᠡᠨ ᠤ ᠬᠠᠮᠲᠤ ᠶᠢᠨ | ᠦᠪ ᠬᠦᠷᠦᠩᠭᠡ ᠪᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠪᠥᠬᠦ | ᠪᠥᠮᠪᠥᠷᠴᠡᠭ ᠤᠨ ᠬᠠᠷᠠᠭᠠᠰᠤ ᠠᠴᠠ ᠰᠢᠨ᠎ᠡ ᠶᠢ ᠡᠭᠦᠳᠬᠦ ᠶᠢ ᠲᠥᠯᠥᠪᠵᠢᠭᠦᠯᠦᠨ ᠠᠬᠢᠭᠤᠯᠵᠤ᠂ ᠪᠥᠬᠦ ᠪᠥᠮᠪᠥᠷᠴᠡᠭ ᠤᠨ | ᠰᠢᠨ᠎ᠡ ᠶᠢ ᠡᠭᠦᠳᠬᠦ ᠲᠤᠤᠷ ᠲᠤ ᠢᠳᠡᠪᠬᠢᠲᠡᠶ ᠠᠭᠤᠰᠤᠯᠴᠠᠨ᠂ ᠠᠭᠤᠷ ᠠᠮᠢᠰᠬᠤᠯ ᠤᠨ ᠬᠤᠪᠢᠷᠠᠯᠲᠠ᠂ ᠬᠥᠮᠦᠨ | ᠲᠥᠷᠥᠯᠬᠢᠲᠡᠨ ᠤ ᠡᠷᠡᠭᠦᠯ ᠮᠡᠨᠳᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠤᠯᠤᠰ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠲᠠᠢ ᠬᠠᠮᠳᠤᠷᠠᠨ ᠰᠤᠳᠤᠯᠬᠤ ᠪᠠᠨ ᠴᠢᠩᠭᠠᠳᠬᠠᠬᠤ ᠬᠡᠷᠡᠭᠲᠡᠶ᠃ | ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ | ᠳᠤᠮᠳᠠᠳᠤ ᠤᠯᠤᠰ ᠤᠨ ᠤᠶᠤᠨ ᠤᠬᠠᠭᠠᠨ ᠢᠶᠠᠨ ᠨᠡᠮᠡᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠬᠥᠮᠦᠨ ᠲᠥᠷᠥᠯᠬᠢᠲᠡᠨ ᠤ ᠠᠵᠠ ᠵᠢᠷᠭᠠᠯ ᠢ ᠨᠡᠩ ᠰᠠᠶᠢᠳᠦᠷ ᠨᠡᠮᠡᠭᠳᠡᠭᠦᠯᠤᠨ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ | ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | | ᠰᠢ ᠶᠢᠨ ᠫᠢᠩ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠵᠦ᠂ ᠪᠦᠬᠦ ᠪᠥᠮᠪᠥᠷᠴᠡᠭ ᠤᠨ ᠴᠢᠳᠠᠪᠤᠷᠢᠲᠠᠨ ᠤ ᠥᠨᠳᠦᠷᠯᠢᠭ ᠭᠠᠵᠠᠷ ᠢ ᠪᠠᠶᠢᠭᠤᠯᠬᠤ ᠬᠡᠷᠡᠭᠲᠡᠢ᠃ | ᠣᠳᠣᠬᠠᠨ ᠤ ᠳᠡᠯᠡᠬᠡᠢ ᠶᠢᠷᠲᠢᠨᠴᠦ ᠶᠢᠨ ᠥᠷᠢᠰᠥᠯᠳᠦᠭᠡᠨ ᠨᠢ ᠡᠴᠦᠰ ᠤᠨ ᠡᠴᠦᠰ ᠲᠡᠭᠡᠨ ᠴᠢᠳᠠᠪᠤᠷᠢᠲᠠᠨ ᠤ | ᠥᠷᠢᠰᠥᠯᠳᠦᠭᠡᠨ᠂ ᠰᠤᠷᠭᠠᠨ ᠬᠥᠮᠦᠵᠢᠯ ᠤᠨ ᠥᠷᠢᠰᠥᠯᠳᠦᠭᠡᠨ ᠪᠣᠯᠤᠨ᠎ᠠ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ | ᠬᠥᠮᠦᠵᠢᠭᠦᠯᠬᠦ ᠶᠢ ᠨᠡᠩ ᠢᠯᠡᠭᠦᠦ ᠴᠢᠬᠤᠯᠠᠴᠢᠯᠠᠵᠤ᠂ ᠨᠢᠭᠡ ᠪᠦᠯᠦᠭ ᠳᠡᠯᠡᠬᠡᠢ ᠳᠤ ᠨᠥᠯᠥᠭᠡᠯᠡᠬᠦ ᠬᠦᠴᠦᠨ ᠲᠠᠢ | ᠣᠷᠦ᠋ᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ᠨᠢᠭᠡ | ᠪᠦᠯᠦᠭ ᠰᠢᠨ᠎ᠡ ᠶᠢ ᠡᠭᠦᠳᠬᠦ ᠪᠦᠯᠬᠦᠮ ᠢ ᠲᠣᠭᠲᠠᠭᠤᠨ ᠢᠶᠠᠷ ᠳᠡᠮᠵᠢᠵᠦ᠂ ᠨᠡᠩ ᠤᠯᠠᠨ ᠥᠨᠳᠥᠷ ᠬᠡᠪ | ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠳᠠᠨ᠂ ᠤᠷᠠᠨ ᠳᠠᠷᠬᠠᠨ᠂ ᠶᠡᠭᠡ ᠤᠯᠤᠰ ᠤᠨ ᠭᠠᠷᠮᠠᠭᠠᠢ ᠳᠠᠷᠬᠠᠨ ᠢ | ᠬᠥᠮᠦᠵᠢᠭᠦᠯᠬᠦ ᠬᠡᠷᠡᠭᠲᠡᠢ᠃ ᠮᠠᠨ ᠤ ᠤᠯᠤᠰ ᠤᠨ ᠰᠤᠷᠭᠠᠨ ᠬᠥᠮᠦᠵᠢᠯ ᠶᠡᠭᠡ ᠪᠠᠭᠰᠢᠳᠠᠨ ᠢ ᠬᠥᠮᠦᠵᠢᠭᠦᠯᠵᠦ ᠴᠢᠳᠠᠨ᠎ᠠ᠂ | ᠪᠢᠳᠠ ᠡᠶᠢᠮᠦ ᠢᠲᠡᠭᠡᠯ ᠲᠠᠢ ᠪᠠᠶᠢᠬᠤ ᠬᠡᠷᠡᠭᠲᠡᠢ︕ ᠪᠦᠬᠦ ᠲᠡᠯᠡᠭᠡᠢ ᠶᠢᠨ ᠰᠢᠯᠢᠳᠡᠭ ᠴᠢᠳᠠᠪᠤᠷᠢᠲᠠᠨ ᠢ | ᠴᠤᠭᠯᠠᠷᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠪᠠᠶᠢᠭᠤᠯᠵᠤ᠂ | ᠳᠡᠭᠡᠳᠦ ᠲᠡᠰ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠤᠮᠳᠠᠳᠤ ᠤᠯᠤᠰ ᠲᠤ ᠢᠷᠡᠵᠦ | ᠠᠵᠢᠯᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠰᠣᠯᠢᠯᠴᠠᠬᠤ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠭᠤᠣᠯ ᠬᠦᠴᠦᠨ ᠢᠶᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠠᠵᠢᠯᠯᠠᠭ᠎ᠠ ᠳᠤ | ᠵᠤᠷᠢᠭᠤᠯᠬᠤ ᠪᠤᠯᠭᠠᠬᠤ ᠬᠡᠷᠡᠭᠲᠡᠢ᠂ ᠬᠡᠷᠬᠢᠪᠡᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠶᠡᠭᠡ | ᠬᠡᠮᠵᠢᠶᠡᠨ ᠤ ᠴᠠᠭ ᠢᠶᠠᠨ ᠬᠡᠷᠡᠭ ᠦᠭᠡᠢ ᠤᠭᠲᠤᠵᠤ ᠬᠦᠷᠭᠡᠬᠦ ᠠᠵᠢᠯᠯᠠᠭ᠎ᠠ᠂ ᠴᠢᠬᠤᠯᠠ ᠪᠤᠰᠤ ᠬᠢᠨᠠᠨ ᠦᠨᠡᠯᠡᠬᠦ | ᠠᠵᠢᠯᠯᠠᠭ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠵᠦᠢᠯ ᠪᠦᠷᠢ ᠶᠢᠨ ᠠᠵᠢᠯᠯᠠᠭ᠎ᠠ ᠳᠡᠭᠡᠷ᠎ᠡ ᠵᠤᠷᠢᠭᠤᠯᠬᠤ | ᠪᠤᠯᠭᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠪᠣᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠪᠣᠯᠤᠨ | ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠠᠮᠤᠭ ᠤᠨ ᠳᠡᠭᠡᠳᠦ ᠡᠷᠳᠡᠮ | ᠰᠢᠨᠵᠢᠯᠡᠭᠡᠨ ᠤ ᠪᠠᠶᠢᠭᠤᠯᠤᠮᠵᠢ ᠮᠥᠨ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠮᠥᠨ᠃ ᠬᠤᠶᠠᠷ ᠬᠦᠷᠢᠶᠡᠯᠡᠩ ᠤᠨ ᠤᠯᠤᠰ ᠤᠨ ᠠᠩᠬᠢ ᠪᠤᠯᠤᠭᠰᠠᠨ ᠤ ᠬᠤᠪᠢ ᠳᠠᠬᠢ | ᠡᠷᠳᠡᠮ ᠰᠢᠨᠵᠢᠯᠡᠭᠡᠨ ᠤ ᠬᠦᠳᠦᠯᠦᠨ ᠳᠠᠭᠠᠭᠤᠯᠬᠤ ᠦᠢᠯᠡᠳᠦᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠣᠭᠤᠮᠲᠠ ᠰᠢᠪᠲᠤᠯᠬᠤ ᠦᠢᠯᠡᠳᠦᠯ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠦᠢᠯᠡᠳᠦᠯ ᠢ | ᠪᠠᠳᠠᠷᠠᠭᠤᠯᠵᠤ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠰᠢᠢᠳᠪᠦᠷᠢᠯᠡᠨ᠂ | ᠵᠣᠷᠢᠭᠲᠠᠢ ᠪᠠᠷ ᠰᠢᠨ᠎ᠠ ᠶᠢ ᠡᠭᠦᠳᠬᠦ ᠶᠢᠨ ︽ᠡᠵᠡᠭᠦᠢ ᠤᠷᠤᠨ︾ ᠢᠶᠠᠷ ᠠᠶᠠᠯᠠᠨ᠂ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠪᠲᠤᠯᠵᠤ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ | ᠴᠢᠳᠠᠪᠤᠷᠢᠲᠠᠨ ᠪᠣᠯᠤᠨ ᠥᠨᠳᠥᠷ ᠲᠦᠪᠰᠢᠨ ᠪᠦ᠋ᠬᠦᠢ ᠰᠢᠨ᠎ᠡ ᠶᠢ ᠡᠭᠦᠳᠬᠦ ᠪᠦᠯᠬᠦᠮ ᠢ ᠢᠯᠡᠷᠡᠭᠦᠯᠤᠨ ᠬᠥᠮᠦᠵᠢᠭᠦᠯᠵᠦ | ᠲᠥᠪᠯᠡᠷᠡᠭᠦᠯᠬᠦ ᠬᠡᠷᠡᠭᠲᠡᠢ᠃ ᠬᠤᠶᠠᠷ ᠬᠦᠷᠢᠶᠡᠯᠡᠩ ᠤᠨ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ ᠶᠢᠨ | ᠴᠢᠳᠠᠪᠬᠢ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨᠲᠠᠨ ᠤ ᠦᠢᠯᠡᠳᠦᠯ ᠢ | ᠪᠠᠳᠠᠷᠠᠭᠤᠯᠤᠨ᠂ ᠵᠥᠪᠯᠡᠯᠭᠡ ᠥᠭᠴᠦ ᠦᠨᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠤᠯᠤᠰ ᠤᠨ ᠰᠢᠢᠳᠪᠦᠷᠢᠲᠦ | ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃ | | ᠰᠢ ᠶᠢᠨ ᠫᠢᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠨᠠᠮ | ᠪᠣᠯᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠲᠠᠢ ᠬᠠᠷᠢᠯᠴᠠᠬᠤ | ᠬᠥᠭᠦᠷᠭᠡ ᠬᠤᠯᠪᠣᠭᠠᠰᠤ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠨ ᠳᠤ ᠦᠢᠯᠡᠴᠢᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠳᠤ ᠦᠢᠯᠡᠴᠢᠯᠡᠬᠦ᠂ | ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠦᠢᠯᠡᠴᠢᠯᠡᠬᠦ᠂ ᠨᠠᠮ ᠪᠣᠯᠤᠨ | ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠶᠢ | ᠪᠠᠷᠢᠮᠲᠠᠯᠠᠨ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠢ ᠨᠠᠮ ᠤᠨ ᠲᠣᠭᠤᠷᠢᠨ ᠳᠤ | ᠨᠡᠩ ᠥᠷᠭᠡᠨ ᠢᠶᠠᠷ ᠪᠦᠯᠬᠦᠮᠳᠡᠭᠦᠯᠵᠦ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ | ᠰᠠᠶᠢᠨ ᠡᠷᠳᠡᠮ ᠰᠢᠨᠵᠢᠯᠡᠭᠡᠨ ᠤ ᠰᠤᠷᠲᠠᠯ ᠢ ᠪᠤᠢ ᠪᠤᠯᠭᠠᠬᠤ ᠬᠡᠷᠡᠭᠲᠡᠢ᠃ ᠳᠡᠯᠡᠬᠡᠢ ᠳᠤ ᠬᠠᠨᠳᠤᠬᠤ᠂ ᠢᠷᠡᠭᠡᠳᠦᠢ ᠳᠤ | ᠬᠠᠨᠳᠤᠬᠤ ᠶᠢ ᠪᠠᠷᠢᠮᠲᠠᠯᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠡᠲᠡᠭᠡᠳ ᠯᠦᠭᠡ ᠶᠢᠨ ᠨᠡᠭᠡᠭᠡᠯᠲᠡ᠂ ᠢᠲᠡᠭᠡᠯᠴᠡᠭᠡ᠂ ᠬᠠᠮᠲᠤᠷᠠᠯᠴᠠᠭ᠎ᠠ ᠶᠢ ᠨᠡᠮᠡᠭᠳᠡᠭᠦᠯᠤᠨ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯ ᠤᠯᠤᠰ ᠤᠨ ᠦᠪ ᠬᠦᠷᠦᠩᠭᠡ᠂ ᠠᠷᠠᠳ | ᠲᠦᠮᠡᠨ ᠤ ᠣᠮᠣᠭᠰᠢᠯ᠂ ᠦᠨᠳᠦᠰᠦᠲᠡᠨ ᠤ ᠢᠷᠠᠭᠤ ᠠᠯᠳᠠᠷ ᠮᠥᠨ᠃ ᠠᠺᠠᠳᠧᠮᠢᠴᠢ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠴᠣᠯᠠ ᠶᠢ ᠢᠷᠠᠭᠤ ᠠᠯᠳᠠᠷᠲᠤ ᠴᠢᠨᠠᠷ᠂ ᠡᠷᠳᠡᠮ | ᠰᠢᠨᠵᠢᠯᠡᠭᠡᠨ ᠤ ᠴᠢᠨᠠᠷ ᠲᠤ ᠡᠭᠡᠭᠦᠯᠦᠨ᠂ ᠠᠺᠠᠳᠧᠮᠢᠴᠢ ᠶᠢᠨ ᠴᠣᠯᠠ ᠶᠢᠨ ᠴᠡᠪᠡᠷ ᠴᠢᠨᠠᠷ ᠢ ᠬᠠᠮᠠᠭᠠᠯᠠᠬᠤ ᠬᠡᠷᠡᠭᠲᠡᠢ᠃ | ᠥᠷᠭᠡᠨ ᠣᠯᠠᠨ ᠠᠺᠠᠳᠧᠮᠢᠴᠢ ᠰᠡᠳᠬᠢᠯ ᠵᠢᠷᠦᠭᠡᠨ ᠳᠡᠭᠡᠨ ᠡᠬᠡ ᠤᠯᠤᠰ ᠢᠶᠠᠨ ᠪᠤᠳᠤᠬᠤ᠂ ᠠᠷᠠᠳ ᠲᠦᠮᠡᠨ ᠳᠤ | ᠦᠢᠯᠡᠴᠢᠯᠡᠬᠦ ᠦᠯᠢᠭᠡᠷ ᠳᠠᠭᠤᠷᠢᠶᠠᠯ ᠪᠣᠯᠵᠣ᠂ ᠦᠨᠡᠨ ᠶᠣᠰᠣ ᠶᠢ ᠬᠥᠭᠡᠭᠡᠴᠡᠯᠳᠦᠬᠦ᠂ ᠵᠣᠷᠢᠭᠲᠠᠶ ᠪᠠᠷ ᠨᠤᠶᠠᠠ | ᠣᠷᠭᠢᠯ ᠳᠤ ᠠᠪᠠᠷᠢᠬᠤ ᠦᠯᠢᠭᠡᠷ ᠳᠠᠭᠤᠷᠢᠶᠠᠯ ᠪᠣᠯᠵᠣ᠂ ᠡᠷᠳᠡᠮ ᠰᠢᠨᠵᠢᠯᠡᠭᠡᠨ ᠤ ᠶᠣᠰᠣ ᠰᠤᠷᠲᠠᠬᠤᠨ ᠢ ᠪᠠᠲᠤ | ᠰᠠᠬᠢᠬᠤ᠂ ᠴᠢᠩᠭ᠎ᠠ ᠨᠢᠮᠪᠠᠢ ᠪᠠᠷ ᠡᠷᠳᠡᠮ ᠰᠢᠨᠵᠢᠯᠡᠭᠡᠨ ᠤ ᠠᠵᠢᠯ ᠬᠢᠬᠦ ᠥᠯᠢᠭᠡᠷ ᠳᠠᠭᠤᠷᠢᠶᠠᠯ ᠪᠣᠯᠵᠣ᠂ ᠳᠤᠷᠠᠲᠠᠶ᠎ᠠ | ᠬᠤᠶᠢᠴᠢ ᠦᠶ᠎ᠠ ᠪᠠᠨ ᠬᠦᠮᠦᠵᠢᠭᠦᠯᠬᠦ᠂ ᠬᠤᠶᠢᠴᠢ ᠦᠶ᠎ᠠ ᠪᠠᠨ ᠤᠷᠮᠠᠰᠢᠭᠤᠯᠤᠨ ᠵᠤᠷᠢᠡᠡᠵᠢᠭᠤᠯᠬᠤ ᠥᠯᠢᠭᠡᠷ | ᠳᠠᠭᠤᠷᠢᠶᠠᠯ ᠪᠣᠯᠬᠤ ᠬᠡᠷᠡᠭᠲᠡᠶ᠃ ᠥᠷᠭᠡᠨ ᠣᠯᠠᠨ ᠠᠺᠠᠳᠧᠮᠢᠴᠢ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠨᠠᠮ ᠤᠨ ᠤᠷᠢᠶᠠᠯᠠᠭ᠎ᠠ ᠶᠢ ᠳᠠᠭᠠᠵᠤ᠂ ᠡᠬᠡ ᠤᠯᠤᠰ ᠤᠨ ᠢᠶᠠᠨ | ᠤᠷᠢᠶᠠᠯᠠᠭ᠎ᠠ ᠶᠢ ᠳᠠᠭᠠᠵᠤ᠂ ᠵᠣᠷᠢᠭᠲᠠᠶ ᠪᠠᠷ ᠲᠦᠷᠦᠭᠦᠯᠡᠨ ᠬᠢᠵᠦ᠂ ᠭᠠᠷᠮᠠᠭᠠᠶ ᠪᠤᠯᠬᠤ ᠪᠠᠷ ᠴᠢᠷᠮᠠᠶᠢᠵᠤ᠂ ᠡᠷᠳᠡᠮ | ᠰᠢᠨᠵᠢᠯᠡᠭᠡᠨ ᠤ ᠶᠣᠰᠣ ᠰᠤᠷᠲᠠᠬᠤᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠶᠣᠰᠣ ᠰᠤᠷᠲᠠᠬᠤᠨ ᠢ ᠪᠠᠲᠤ | ᠰᠠᠬᠢᠵᠤ᠂ ᠳᠤᠷᠠᠲᠠᠶ᠎ᠠ ᠬᠤᠶᠢᠴᠢ ᠦᠶ᠎ᠡ ᠪᠠᠨ ᠵᠢᠯᠤᠭᠤᠳᠤᠨ ᠳᠠᠭᠠᠭᠤᠯᠵᠤ᠂ ᠨᠠᠮ ᠤᠨ ᠲᠥᠯᠥᠭᠡ᠂ ᠡᠬᠡ ᠤᠯᠤᠰ ᠤᠨ | ᠲᠥᠯᠥᠭᠡ᠂ ᠠᠷᠠᠳ ᠲᠦᠮᠡᠨ ᠤ ᠲᠥᠯᠥᠭᠡ ᠮᠡᠷᠡᠶᠢᠨ ᠵᠢᠳᠬᠦᠵᠦ᠂ ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠵᠦ | ᠵᠢᠭᠠᠵᠦ ᠭᠠᠷᠭᠠᠪᠠ᠃ | | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠴᠢᠳᠠᠪᠤᠷᠢᠲᠠᠨ ᠢ | ᠭᠦᠶ᠋ᠴᠡᠳ ᠬᠦᠨᠳᠦᠳᠬᠡᠵᠦ᠂ ᠠᠺᠠᠳᠧᠮᠢᠴᠢ ᠶᠢ ᠤᠯᠤᠰ ᠲᠥᠷᠥ ᠶᠢᠨ ᠲᠠᠯ᠎ᠠ ᠪᠠᠷ ᠬᠠᠯᠠᠮᠵᠢᠯᠠᠵᠤ᠂ ᠠᠵᠢᠯ ᠤᠨ | ᠲᠠᠯ᠎ᠠ ᠪᠠᠷ ᠳᠡᠮᠵᠢᠵᠤ᠂ ᠠᠮᠢᠳᠤᠷᠠᠯ ᠤᠨ ᠲᠠᠯ᠎ᠠ ᠪᠠᠷ ᠬᠠᠯᠠᠮᠵᠢᠯᠠᠵᠤ᠂ ᠠᠺᠠᠳᠧᠮᠢᠴᠢ ᠶᠢ ᠪᠠᠭᠲᠠᠭᠠᠭᠰᠠᠨ ᠥᠷᠭᠡᠨ ᠣᠯᠠᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠠᠨᠠᠯ ᠢ ᠨᠠᠷᠢᠨ ᠬᠢᠨᠠᠮᠠᠭᠠᠶ ᠰᠣᠨᠣᠰᠴᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠦᠢᠯᠡᠴᠢᠯᠡᠭᠡᠨ ᠤ | ᠪᠠᠳᠤᠯᠠᠭ᠎ᠠ ᠬᠠᠩᠭᠠᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠰᠠᠶᠢᠨ ᠰᠠᠶᠢᠬᠠᠨ | ᠰᠢᠨ᠎ᠡ ᠶᠢ ᠡᠭᠦᠳᠬᠦ ᠣᠷᠴᠢᠨ ᠡᠭᠦᠳᠴᠦ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | | ᠯᠢ ᠺᠧ ᠴᠢᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠮᠠᠨ ᠤ ᠨᠠᠮ ᠤᠨ ᠡᠯ᠎ᠡ ᠲᠡᠦᠬᠡᠨ ᠴᠠᠭ ᠦᠶ᠎ᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠢᠷᠡᠭᠰᠡᠨ ᠢ ᠡᠷᠭᠢᠴᠡᠭᠦᠯᠵᠦ᠂ ᠮᠠᠨ ᠤ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠰ ᠤᠨ ᠣᠯᠤᠭᠰᠠᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠶᠢ ᠳ᠋ᠦᠩᠨᠡᠨ᠂ ᠰᠢᠨ᠎ᠡ | ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ | ᠬᠤᠪᠢᠰᠤᠯᠲᠠ ᠶᠢᠨ ᠬᠤᠪᠢᠷᠠᠯᠲᠠ ᠶᠢᠨ ᠬᠠᠨᠳᠤᠰᠢ ᠶᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ ᠢ ᠱᠠᠯᠠᠪᠳᠠᠨ ᠪᠠᠶᠢᠭᠤᠯᠬᠤ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠬᠤᠶᠠᠷ | ᠬᠦᠷᠢᠶᠡᠯᠡᠩ ᠤᠨ ᠠᠺᠠᠳᠧᠮᠢᠴᠢ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠤ ᠨᠠᠨᠳᠢᠨ ᠬᠦᠰᠡᠯ ᠲᠠᠯᠪᠢᠵᠤ᠂ ᠮᠠᠰᠢ ᠴᠢᠩᠭ᠎ᠠ | ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠴᠢᠭᠯᠡᠬᠦᠯᠦᠯᠳᠦ ᠴᠢᠨᠠᠷ ᠲᠠᠢ ᠶᠤᠮ᠃ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠮᠠᠨ ᠤ ᠤᠯᠤᠰ ᠢᠶᠠᠨ | ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠤᠨ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ | ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃ | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠡᠰᠡᠭ ᠭᠡᠰᠢᠭᠦᠨ᠂ ᠲᠥᠪ ᠤᠨ ᠱᠦᠵᠢ | ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃ | | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠬᠡᠰᠡᠭ ᠭᠠᠳᠠᠭᠠᠳᠤ ᠶᠢᠨ ᠠᠺᠠᠳᠧᠮᠢᠴᠢ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ | ᠶᠡᠭᠡ ᠬᠤᠷᠠᠯ ᠤᠨ ᠲᠥᠯᠥᠭᠡᠯᠡᠭᠴᠢ ᠵᠡᠷᠭᠡ 3000 ᠭᠠᠷᠤᠢ ᠬᠥᠮᠦᠨ ᠶᠡᠭᠡ ᠬᠤᠷᠠᠯ ᠳᠤ ᠣᠷᠣᠯᠴᠠᠵᠠᠢ᠃ | |