ᠰᠢ ᠶᠢᠨ ᠫᠢᠩ ᠪᠤᠯᠤᠨ ᠰᠣᠯᠣᠩᠭᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠦᠨ ᠶᠢᠨ ᠵᠧᠩ ᠧᠨ ︽ᠳᠤᠮᠳᠠᠳᠤ ᠰᠣᠯᠣᠩᠭᠤᠰ ᠤᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠨ ᠲᠤᠰᠠᠯᠠᠬᠤ ᠭᠡᠷ᠎ᠡ︾ ᠲᠣᠭᠲᠠᠭᠰᠠᠨ 60 ᠵᠢᠯ ᠤᠨ ᠤᠢ ᠳᠤ ᠵᠣᠷᠢᠭᠤᠯᠵᠦ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2021/7/13
         ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 11 ᠤ ᠴᠠᠬᠢᠯᠭᠠᠨ ᠮᠡᠳᠡᠭᠡ 7 ᠰᠠᠷ᠎ᠠ ᠶᠢᠨ 11 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠶᠡᠷᠦᠩᠬᠡᠢ ᠱᠦᠵᠢ᠂ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠭ᠎ᠠ᠂ ᠰᠣᠯᠣᠩᠭᠤᠰ ᠤᠨ ᠵᠡᠪᠰᠡᠭᠲᠦ ᠬᠦᠴᠦᠨ ᠤ ᠬᠠᠮᠤᠭ ᠤᠨ ᠳᠡᠭᠡᠳᠦ ᠺᠣᠮᠠᠨᠳ᠋ᠯᠠᠭᠴᠢ ᠶᠢᠨ ᠵᠧᠩ ᠡᠸ᠋ᠨ ᠲᠠᠢ ︽ᠳᠤᠮᠳᠠᠳᠤ ᠰᠣᠯᠣᠩᠭᠤᠰ ᠤᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠨ ᠲᠤᠰᠠᠯᠠᠬᠤ ᠭᠡᠷ᠎ᠡ︾ ᠲᠣᠭᠲᠠᠭᠰᠠᠨ 60 ᠵᠢᠯ ᠤᠨ ᠤᠢ ᠳᠤ ᠵᠣᠷᠢᠭᠤᠯᠵᠦ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃     ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ 1961 ᠣᠨ ᠳᠤ ᠳᠤᠮᠳᠠᠳᠤ ᠰᠣᠯᠣᠩᠭᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠦᠰ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ︽ᠳᠤᠮᠳᠠᠳᠤ ᠰᠣᠯᠣᠩᠭᠤᠰ ᠤᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠨ ᠲᠤᠰᠠᠯᠠᠬᠤ ᠭᠡᠷ᠎ᠡ︾ ᠳᠤ ᠭᠠᠷ ᠤᠨ ᠦᠰᠦᠭ ᠵᠢᠷᠤᠬᠤ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠲᠤᠭᠳᠠᠭᠠᠵᠦ᠂ ᠬᠤᠶᠠᠷ ᠤᠯᠤᠰ ᠤᠨ ᠠᠷᠠᠳ ᠲᠦᠮᠡᠨ ᠤ ᠠᠷᠢᠭᠤᠨ ᠴᠢᠰᠤ ᠪᠠᠷ ᠢᠶᠠᠨ ᠪᠠᠷᠢᠯᠳᠤᠭᠤᠯᠤᠭᠰᠠᠨ ᠲᠠᠶᠢᠴᠢᠨ ᠨᠥᠬᠦᠷᠯᠡᠯ ᠢ ᠪᠠᠬᠢᠵᠢᠭᠦᠯᠬᠦ᠂ ᠬᠤᠶᠠᠷ ᠤᠯᠤᠰ ᠤᠨ ᠥᠨᠢ ᠤᠳᠠᠭᠠᠨ ᠤ ᠨᠥᠬᠦᠷᠰᠡᠭ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠤᠯᠤᠰ ᠲᠦᠷᠦ ᠬᠠᠤᠯᠢ ᠴᠠᠭᠠᠵᠠ ᠶᠢᠨ ᠰᠠᠭᠤᠷᠢ ᠶᠢ ᠲᠠᠯᠪᠢᠵᠤ ᠥᠭᠴᠡᠢ᠃ 60 ᠵᠢᠯ ᠤᠨ ᠲᠤᠷᠰᠢ᠂ ᠳᠤᠮᠳᠠᠳᠤ ᠰᠣᠯᠣᠩᠭᠤᠰ ᠬᠤᠶᠠᠷ ᠲᠠᠯ᠎ᠠ ᠪᠠᠷ ᠢᠶᠠᠨ ᠭᠡᠷ᠎ᠡ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠷᠡᠰ ᠲᠡᠮᠵᠢᠯᠴᠡᠨ᠂ ᠭᠠᠷ ᠬᠤᠯᠪᠣᠨ ᠮᠥᠷᠥ ᠵᠡᠷᠭᠡᠴᠡᠨ ᠲᠡᠮᠡᠴᠡᠵᠦ᠂ ᠬᠤᠶᠠᠷ ᠨᠠᠮ ᠬᠤᠶᠠᠷ ᠤᠯᠤᠰ ᠤᠨ ᠠᠬ᠎ᠠ ᠳᠡᠭᠦᠦ ᠮᠡᠲᠦ ᠤᠯᠠᠮᠵᠢᠯᠠᠯᠲᠤ ᠨᠥᠬᠦᠷᠯᠡᠯ ᠢ ᠴᠢᠩᠭᠠᠳᠬᠠᠨ᠂ ᠲᠤᠰ ᠲᠤᠰ ᠤᠨ ᠢᠶᠠᠨ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠤᠢᠢᠷ᠎ᠠ ᠶᠢᠨ ᠵᠢᠯ ᠠᠴᠠ᠂ ᠪᠢ ᠶᠡᠷᠦᠩᠬᠡᠢ ᠱᠦᠵᠢ ᠨᠥᠬᠦᠷ ᠲᠠᠢ ᠤᠯᠠᠨ ᠤᠳᠠᠭ᠎ᠠ ᠠᠭᠤᠯᠵᠠᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠠᠯᠤᠰ ᠤᠨ ᠲᠦᠰᠦᠪ ᠢ ᠲᠥᠯᠥᠪᠵᠢᠭᠦᠯᠤᠨ᠂ ᠳᠤᠮᠳᠠᠳᠤ ᠰᠣᠯᠣᠩᠭᠤᠰ ᠤᠨ ᠨᠥᠬᠦᠷᠯᠡᠯ ᠤᠨ ᠴᠠᠭ ᠦᠶ᠎ᠡ ᠶᠢᠨ ᠠᠭᠤᠯᠤᠭᠳᠠᠬᠤᠨ ᠢ ᠡᠯᠪᠡᠭᠵᠢᠬᠦᠯᠵᠦ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠣᠳᠣᠬᠠᠨ ᠤ ᠳᠡᠯᠡᠬᠡᠢ ᠶᠢᠷᠲᠢᠨᠴᠦ ᠳᠤ᠂ 100 ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠠᠭ ᠲᠦᠷᠭᠡᠨ ᠤᠯᠠᠷᠢᠨ ᠬᠤᠪᠢᠷᠠᠵᠤ ᠪᠠᠶᠢᠨ᠎ᠠ᠃ ᠪᠢ ᠳᠤᠷᠠᠲᠠᠶ᠎ᠠ ᠶᠡᠷᠦᠩᠬᠡᠢ ᠱᠦᠵᠢ ᠨᠥᠬᠦᠷ ᠯᠦᠭᠡ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠤᠷᠤᠭᠰᠢᠯᠠᠬᠤ ᠴᠢᠭᠯᠡᠯ ᠢ ᠰᠠᠶᠢᠲᠤᠷ ᠡᠵᠡᠮᠳᠡᠨ᠂ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠬᠦᠳᠦᠯᠦᠨ ᠳᠠᠭᠠᠭᠤᠯᠵᠦ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠢᠳᠠ ᠲᠦᠷᠦᠭᠦᠬᠡᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠬᠳᠠᠬᠰᠡᠨ 100 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠡᠪᠡ᠃ ᠣᠳᠣᠬᠠᠨ ᠳᠤ ᠰᠣᠯᠣᠩᠭᠤᠰ ᠤᠨ ᠠᠷᠠᠳ ᠲᠦᠮᠡᠨ ᠶᠠᠭ ᠪᠦᠯᠬᠦᠮᠳᠡᠨ ᠨᠢᠭᠡᠳᠴᠦ᠂ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠨᠠᠢᠮᠠᠳᠤᠭᠠᠷ ᠶᠡᠭᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠲᠤᠭᠤᠰᠢᠯᠠᠭᠤᠯᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠰᠣᠯᠣᠩᠭᠤᠰ ᠤᠨ ᠲᠠᠯ᠎ᠠ ᠶᠢᠨ ᠠᠵᠤ ᠠᠬᠤᠢ ᠠᠷᠠᠳ ᠤᠨ ᠠᠮᠢᠳᠤᠷᠠᠯ ᠢᠶᠠᠨ ᠬᠥᠭᠵᠢᠭᠦᠯᠬᠦ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠳᠠ ᠶᠢᠨ ᠦᠢᠯᠡᠰ ᠢ ᠬᠦᠴᠦᠳᠡᠢ ᠠᠬᠢᠭᠤᠯᠬᠤ ᠶᠢ ᠡᠷᠡᠰ ᠲᠡᠮᠵᠢᠨ᠎ᠠ᠃ ᠶᠡᠷᠦᠩᠬᠡᠢ ᠱᠦᠵᠢ ᠨᠥᠬᠦᠷ ᠤᠨ ᠳᠠᠭᠠᠭᠤᠯᠭ᠎ᠠ ᠪᠠᠷ᠂ ᠰᠣᠯᠣᠩᠭᠤᠰ ᠤᠨ ᠨᠠᠮ ᠪᠣᠯᠤᠨ ᠠᠷᠠᠳ ᠲᠦᠮᠡᠨ ᠯᠠᠪᠲᠠᠢ ᠨᠡᠩ ᠶᠡᠭᠡ ᠰᠢᠨ᠎ᠡ ᠠᠮᠵᠢᠯᠲᠠ ᠪᠦᠲᠦᠮᠵᠢ ᠤᠯᠬᠤ ᠶᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃     ᠶᠢᠨ ᠵᠧᠩ ᠧᠨ ᠪᠠᠶᠠᠷ ᠤᠨ ᠴᠠᠬᠢᠯᠭᠠᠨ ᠴᠢᠮᠡᠭᠡ ᠳᠡᠭᠡᠨ᠂ ︽ᠰᠣᠯᠣᠩᠭᠤᠰ ᠳᠤᠮᠳᠠᠳᠤ ᠶᠢᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠨ ᠲᠤᠰᠠᠯᠠᠬᠤ ᠭᠡᠷ᠎ᠡ︾ ᠲᠣᠭᠲᠠᠭᠰᠠᠨ ᠨᠢ ᠰᠣᠯᠣᠩᠭᠤᠰ ᠳᠤᠮᠳᠠᠳᠤ ᠶᠢᠨ ᠬᠤᠶᠠᠷ ᠨᠠᠮ᠂ ᠬᠤᠶᠠᠷ ᠤᠯᠤᠰ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠪᠠᠲᠤ ᠪᠠᠬᠢ ᠬᠠᠤᠯᠢ ᠴᠠᠭᠠᠵᠠ ᠶᠢᠨ ᠰᠠᠭᠤᠷᠢᠨ ᠳᠡᠭᠡᠷ᠎ᠡ᠂ ᠤᠷᠳᠤ ᠬᠤᠭᠤᠴᠠᠭ᠎ᠠ ᠪᠠᠷ ᠠᠷᠢᠭᠤᠨ ᠴᠢᠰᠤ ᠪᠠᠷ ᠢᠶᠠᠨ ᠪᠠᠷᠢᠯᠳᠤᠭᠤᠯᠤᠭᠰᠠᠨ ᠰᠣᠯᠣᠩᠭᠤᠰ ᠳᠤᠮᠳᠠᠳᠤ ᠶᠢᠨ ᠨᠥᠬᠦᠷᠯᠡᠯ ᠢ ᠬᠥᠭᠵᠢᠭᠦᠯᠬᠦ ᠡᠷᠡᠰ ᠪᠠᠲᠤ ᠵᠣᠷᠢᠭ ᠰᠠᠨᠠᠭ᠎ᠠ ᠶᠢ ᠪᠦᠬᠦ ᠳᠡᠯᠡᠬᠡᠢ ᠳᠤ ᠬᠠᠷᠠᠭᠤᠯᠵᠠᠢ᠃ 60 ᠵᠢᠯ ᠤᠨ ᠲᠤᠷᠰᠢ᠂ ᠰᠣᠯᠣᠩᠭᠤᠰ ᠳᠤᠮᠳᠠᠳᠤ ᠬᠤᠶᠠᠷ ᠤᠯᠤᠰ ᠬᠠᠷᠢᠯᠴᠠᠨ ᠳᠡᠮᠵᠢᠵᠦ᠂ ᠬᠠᠷᠢᠯᠴᠠᠨ ᠬᠠᠪᠰᠤᠷᠴᠤ ᠂ ᠣᠮᠣᠭᠰᠢᠭᠤᠰᠢᠲᠠᠶ ᠨᠥᠬᠦᠷᠰᠡᠭ ᠲᠡᠤᠬᠡ ᠶᠢ ᠪᠢᠴᠢᠭᠯᠡᠪᠡ᠃ ᠤᠢᠢᠷ᠎ᠠ ᠶᠢᠨ ᠵᠢᠯ ᠠᠴᠠ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠰᠣᠯᠣᠩᠭᠤᠰ ᠳᠤᠮᠳᠠᠳᠤ ᠬᠤᠶᠠᠷ ᠤᠯᠤᠰ ᠤᠨ ᠲᠠᠶᠢᠴᠢᠨ ᠨᠥᠬᠦᠷ ᠮᠡᠲᠦ ᠢᠲᠡᠭᠡᠯᠴᠡᠭᠡ ᠪᠠ ᠨᠥᠬᠦᠷᠯᠡᠯ ᠡᠳᠦᠷ ᠢᠷᠡᠬᠦᠶ᠎ᠡ ᠭᠦᠨᠵᠡᠭᠡᠶᠢᠷᠡᠵᠦ᠂ ᠬᠤᠶᠠᠷ ᠲᠠᠯ᠎ᠠ ᠶᠢᠨ ᠬᠠᠷᠢᠯᠴᠠᠭ᠎ᠠ ᠨᠡᠩ ᠥᠨᠳᠥᠷ ᠱᠠᠲᠤᠨ ᠳᠤ ᠲᠡᠪᠰᠢᠨ ᠬᠥᠭᠵᠢᠵᠡᠢ ᠭᠡᠵᠦ ᠢᠯᠡᠳᠭᠡᠪᠡ᠃       ᠶᠢᠨ ᠵᠧᠩ ᠧᠨ᠂ ᠰᠣᠯᠣᠩᠭᠤᠰ ᠳᠤᠮᠳᠠᠳᠤ ᠶᠢᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠨ ᠬᠥᠭᠵᠢᠭᠦᠯᠬᠦ ᠪᠣᠯ ᠰᠣᠯᠣᠩᠭᠤᠰ ᠤᠨ ᠨᠠᠮ ᠪᠣᠯᠤᠨ ᠵᠠᠰᠠᠭ ᠤᠨ ᠣᠷᠳᠣᠨ ᠤ ᠭᠤᠶᠢᠪᠢᠰᠢ ᠦᠭᠡᠢ ᠵᠣᠭᠰᠣᠯᠲᠠ ᠪᠣᠯᠤᠨ᠎ᠠ᠃ ᠰᠣᠯᠣᠩᠭᠤᠰ ᠤᠨ ᠨᠠᠮ᠂ ᠵᠠᠰᠠᠭ ᠤᠨ ᠣᠷᠳᠣᠨ ᠪᠣᠯᠤᠨ ᠠᠷᠠᠳ ᠲᠦᠮᠡᠨ ᠬᠤᠶᠠᠷ ᠲᠠᠯ᠎ᠠ ᠶᠢᠨ ᠬᠠᠮᠲᠤ ᠶᠢᠨ ᠡᠷᠬᠢᠮ ᠨᠠᠨᠳᠢᠨ ᠥᠪ ᠬᠦᠷᠦᠩᠬᠡ ᠪᠣᠯᠬᠤ ᠰᠣᠯᠣᠩᠭᠤᠰ ᠳᠤᠮᠳᠠᠳᠤ ᠶᠢᠨ ᠨᠥᠬᠦᠷᠯᠡᠯ ᠢ ᠨᠡᠩ ᠢᠯᠡᠬᠦᠦ ᠨᠠᠨᠳᠢᠩᠨᠠᠵᠤ᠂ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ᠂ ᠡᠪ ᠬᠠᠮᠲᠤ ᠶᠣᠰᠣᠨ ᠤ ᠠᠷᠢᠭᠤᠨ ᠲᠠᠷᠬᠠᠨ ᠠᠶᠠᠨ ᠵᠠᠮ ᠳᠠᠭᠠᠨ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠲᠠᠢ ᠭᠠᠷ ᠬᠤᠯᠪᠣᠨ ᠤᠷᠤᠭᠰᠢᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠳᠠᠬᠢᠨᠲᠠ ᠪᠠᠶᠠᠷ ᠬᠦᠷᠭᠡᠵᠦ ᠂ ᠳᠤᠮᠳᠠᠳᠤ ᠤᠯᠤᠰ ᠤᠨ ᠨᠠᠮ ᠪᠣᠯᠤᠨ ᠠᠷᠠᠳ ᠲᠦᠮᠡᠨ ᠤ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠦᠢᠯᠡᠰ ᠲᠤ ᠨᠡᠩ ᠶᠡᠭᠡ ᠢᠯᠠᠯᠲᠠ ᠤᠯᠬᠤ ᠶᠢ ᠬᠦᠰᠡᠨ ᠵᠥᠩᠨᠡᠵᠦ ᠪᠠᠶᠢᠨ᠎ᠠ ᠭᠡᠵᠤ ᠢᠯᠡᠳᠭᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号