ᠰᠢ ᠶᠢᠨ ᠫᠢᠩ ᠪᠠᠷᠪᠠᠳᠤᠰ ᠤᠨ ᠶᠡᠷᠦᠩᠬᠡᠢ ᠰᠠᠶᠢᠳ ᠮᠤᠲ᠋ᠧᠯᠢ ᠲᠠᠢ ᠤᠲᠠᠰᠤ ᠪᠠᠷ ᠶᠠᠷᠢᠯᠴᠠᠪᠠ | | ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 13 ᠤ ᠤᠷᠤᠢ ᠪᠠᠷᠪᠠᠳᠤᠰ ᠤᠨ ᠶᠡᠷᠦᠩᠬᠡᠢ | ᠰᠠᠶᠢᠳ ᠮᠤᠲ᠋ᠧᠯᠢ ᠲᠠᠢ ᠤᠲᠠᠰᠤ ᠪᠠᠷ ᠶᠠᠷᠢᠯᠴᠠᠪᠠ᠃ | | ᠰᠢ ᠶᠢᠨ ᠫᠢᠩ᠂ ᠪᠠᠷᠪᠠᠳᠤᠰ ᠪᠣᠯ ᠳᠤᠮᠳᠠᠳᠤ ᠤᠯᠤᠰ ᠤᠨ ᠵᠡᠭᠦᠨ ᠺᠠᠷᠢᠪᠧ ᠣᠷᠣᠨ ᠳᠠᠬᠢ ᠰᠠᠶᠢᠨ ᠨᠠᠶᠢᠵᠠ᠂ | ᠰᠠᠶᠢᠨ ᠬᠠᠨᠢᠲᠠᠨ ᠮᠥᠨ᠃ ᠳᠤᠮᠳᠠᠳᠤ ᠪᠠᠷᠪᠠᠳᠤᠰ ᠬᠠᠷᠢᠯᠴᠠᠭ᠎ᠠ ᠪᠠᠶᠢᠭᠤᠯᠤᠭᠰᠠᠨ 44 ᠵᠢᠯ ᠤᠨ ᠲᠤᠷᠰᠢ᠂ ᠬᠤᠶᠠᠷ | ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠲᠠᠰᠤᠷᠠᠰᠢ ᠦᠬᠡᠢ ᠶᠠᠪᠤᠯᠴᠠᠵᠦ᠂ ᠡᠯᠪᠡᠭ ᠪᠠᠶᠠᠯᠢᠭ ᠬᠠᠮᠳᠤᠷᠠᠯᠴᠠᠭᠠᠨ ᠤ | ᠦᠷ᠎ᠡ ᠪᠦᠲᠦᠭᠡᠯ ᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠬᠦᠰᠦᠭᠰᠡᠨ ᠠᠴᠠ ᠨᠠᠭᠠᠰᠢ᠂ | ᠳᠤᠮᠳᠠᠳᠤ ᠪᠠᠷᠪᠠᠳᠤᠰ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠠᠭ ᠤᠨ ᠪᠡᠷᠬᠡ ᠶᠢ ᠬᠠᠮᠲᠤ ᠪᠠᠷ | ᠲᠤᠭᠤᠯᠪᠠ᠃ ᠣᠳᠣᠬᠠᠨ ᠳᠤ᠂ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ | ᠪᠤᠢ᠂ ᠬᠠᠪᠰᠤᠷᠤᠯᠭ᠎ᠠ ᠬᠦᠰᠡᠭᠰᠡᠨ ᠨᠠᠶᠢᠵᠠ ᠳᠠᠭᠠᠨ ᠲᠤᠰᠠᠯᠠᠮᠵᠢ ᠦᠵᠡᠬᠦᠯᠬᠦ ᠳᠤ ᠪᠢᠳᠡ ᠬᠤᠶᠢᠰᠢ ᠤᠬᠤᠷᠢᠬᠤ ᠶᠤᠰᠤ | ᠦᠬᠡᠢ ᠶᠤᠮ᠃ ᠳᠤᠮᠳᠠᠳᠤ ᠤᠯᠤᠰ ᠦᠷᠭᠦᠯᠵᠢᠯᠡᠨ ᠪᠠᠷᠪᠠᠳᠤᠰ ᠤᠨ ᠬᠢᠨ ᠲᠠᠢ ᠸᠠᠺᠼᠢᠨ᠂ ᠡᠮᠴᠢᠯᠡᠬᠡᠨ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠷᠪᠠᠳᠤᠰ ᠤᠨ ᠬᠢᠨ ᠤ ᠬᠢᠵᠢᠭ ᠤᠨ ᠪᠠᠶᠢᠳᠠᠯ ᠢ ᠡᠷᠲᠡᠬᠡᠨ | ᠢᠯᠠᠨ ᠳᠠᠪᠠᠭ᠋ᠤ ᠳᠤ ᠬᠦᠴᠦᠨ ᠨᠡᠮᠡᠷᠢᠯᠡᠨ᠎ᠡ ᠬᠡᠵᠥ ᠵᠢᠭᠠᠵᠥ ᠭᠠᠷᠭᠠᠪᠠ᠃ | | ᠰᠢ ᠶᠢᠨ ᠫᠢᠩ᠂ ᠳᠤᠮᠳᠠᠳᠤ ᠪᠠᠷᠪᠠᠳᠤᠰ ᠬᠤᠶᠠᠷ ᠤᠯᠤᠰ ᠴᠥᠮ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠬᠢᠨ ᠲᠠᠢ ᠲᠦᠷᠦ ᠶᠢ ᠵᠠᠰᠠᠵᠤ ᠵᠠᠰᠠᠭ ᠢ | ᠡᠷᠬᠢᠯᠡᠬᠦ ᠲᠤᠷᠰᠢᠯᠭ᠎ᠠ ᠪᠠᠨ ᠰᠤᠯᠢᠯᠴᠠᠬᠤ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠨ᠂ ᠳᠤᠮᠳᠠᠳᠤ ᠪᠠᠷᠪᠠᠳᠤᠰ ᠤᠨ ᠬᠠᠷᠢᠯᠴᠠᠭ᠎ᠠ | ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ | ᠪᠠᠷᠪᠠᠳᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠢᠶᠠᠨ ᠴᠢᠨᠡᠭᠡ ᠪᠠᠷ | ᠬᠠᠪᠰᠤᠷᠤᠯᠭ᠎ᠠ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠡᠷᠡᠭ ᠶᠠᠪᠤᠳᠠᠯ ᠳᠠᠬᠢ | ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ | ᠲᠤᠰᠠ ᠶᠢ ᠬᠠᠮᠠᠭᠠᠯᠠᠪᠠᠯ ᠵᠣᠬᠢᠨ᠎ᠠ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠨᠡᠩ ᠤᠯᠠᠨ ᠬᠠᠮᠲᠤ ᠪᠠᠷ | ᠬᠥᠭᠵᠢᠬᠦ ᠠᠵᠠ ᠲᠣᠬᠢᠶᠠᠯ ᠢ ᠡᠭᠦᠳᠴᠡᠢ᠂ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠵᠡᠷᠭᠡ ᠺᠠᠷᠢᠪᠧ ᠣᠷᠣᠨ ᠤ | ᠤᠯᠤᠰ ᠤᠳ ᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠠᠬᠢᠭᠤᠯᠤᠨ᠎ᠠ᠂ | ᠪᠠᠷᠪᠠᠳᠤᠰ ᠤᠨ ᠬᠢᠨ ᠳᠤᠮᠳᠠᠳᠤ ᠤᠯᠤᠰ ᠪᠣᠯᠤᠨ ᠺᠠᠷᠢᠪᠧ ᠶᠢᠨ ᠬᠠᠮᠲᠤ ᠴᠣᠭᠴᠠ ᠶᠢᠨ ᠬᠠᠮᠲᠤᠷᠠᠯᠴᠠᠭ᠎ᠠ ᠪᠣᠯᠤᠨ | ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ | ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | | ᠮᠤᠲ᠋ᠧᠯᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠴᠢᠩ | ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠤᠯᠠ ᠶᠢᠨ ᠬᠠᠷᠠᠴᠠ | ᠬᠤᠷᠴᠠ ᠲᠠᠨᠢᠯᠲᠠ ᠪᠣᠯᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠵᠦ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ ᠠᠴᠠ | ᠠᠩᠭᠢᠵᠢᠷᠠᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ | ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠰᠢᠨ᠎ᠡ ᠠᠶᠠᠨ ᠳᠠᠭᠠᠨ ᠨᠡᠩ ᠶᠡᠭᠡ | ᠠᠮᠵᠢᠯᠲᠠ ᠤᠯᠬᠤ ᠶᠢ ᠢᠲᠡᠭᠡᠵᠦ ᠪᠠᠶᠢᠬᠤ ᠪᠥᠭᠡᠳ ᠬᠦᠰᠡᠨ ᠵᠥᠩᠨᠡᠵᠦ ᠪᠠᠶᠢᠨ᠎ᠠ᠃ ᠪᠠᠷᠪᠠᠳᠤᠰ ᠤᠨ ᠬᠢᠨ ᠳᠤᠮᠳᠠᠳᠤ | ᠤᠯᠤᠰ ᠰᠢᠭ᠋ ᠡᠶᠢᠮᠦ ᠨᠠᠶᠢᠵᠠ ᠲᠠᠢ ᠳᠠᠭᠠᠨ ᠮᠠᠰᠢ ᠪᠠᠶᠠᠷᠯᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ | ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠣᠯᠤᠨ ᠤᠯᠠᠨ ᠲᠠᠯ᠎ᠠ ᠶᠢᠨ ᠤᠯᠤᠯᠴᠠᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠵᠤ᠂ | ᠪᠠᠷᠪᠠᠳᠤᠰ ᠳᠤᠮᠳᠠᠳᠤ ᠶᠢᠨ ᠬᠠᠷᠢᠯᠴᠠᠭ᠎ᠠ ᠪᠣᠯᠤᠨ ᠯᠠᠲ᠋ᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ | ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠪᠠᠷᠪᠠᠳᠤᠰ ᠤᠨ ᠬᠢᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠳᠤᠮᠳᠠᠳᠤ ᠤᠯᠤᠰ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ | ᠲᠠᠯᠠᠷᠬᠠᠵᠤ ᠪᠠᠶᠢᠨ᠎ᠠ᠂ ᠪᠠᠷᠪᠠᠳᠤᠰ ᠤᠨ ᠬᠢᠨ ᠸᠢᠷᠦ᠋ᠰ ᠤᠨ ᠡᠬᠢ ᠡᠬᠦᠰᠦᠯ ᠢ ᠮᠦᠷᠳᠡᠬᠦ ᠠᠰᠠᠭᠤᠳᠠᠯ ᠢ ᠤᠯᠤᠰ | ᠲᠦᠷᠦᠴᠢᠯᠡᠬᠦ ᠶᠢ ᠡᠰᠡᠷᠭᠦᠴᠡᠨ᠎ᠡ᠂ ᠳᠤᠮᠳᠠᠳᠤ ᠤᠯᠤᠰ ᠸᠠᠺᠼᠢᠨ ᠢ ᠬᠥᠭᠵᠢᠵᠦ ᠪᠠᠶᠢᠭ᠎ᠠ ᠤᠯᠤᠰ ᠲᠤ ᠡᠷᠬᠡ | ᠲᠡᠭᠰᠢ ᠪᠠᠷ ᠬᠤᠪᠢᠶᠠᠷᠢᠯᠠᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠢ ᠮᠠᠭᠲᠠᠨ | ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠸᠠᠺᠼᠢᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ | ᠬᠦᠰᠡᠵᠦ ᠪᠠᠶᠢᠨ᠎ᠠ ᠬᠡᠵᠥ ᠢᠯᠡᠳᠬᠡᠪᠡ᠃ |