ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2021/7/16
ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠪᠠ      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠳ᠋ᠦᠩᠨᠡᠯᠲᠡ ᠶᠢᠨ ᠬᠤᠷᠠᠯ 13 ᠤ ᠦᠳᠡ ᠶᠢᠨ ᠡᠮᠦᠨ᠎ᠡ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠡᠯᠭᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠤᠨ ᠡᠯ᠎ᠡ ᠲᠠᠯ᠎ᠠ ᠶᠢᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠳᠡᠳᠡᠨ ᠳᠤ ᠴᠢᠩ ᠰᠡᠳᠬᠢᠯ ᠤᠨ ᠲᠠᠯᠠᠷᠬᠠᠯ ᠪᠠ ᠮᠡᠨᠳᠦᠴᠢᠯᠡᠯ ᠬᠥᠷᠬᠡᠵᠥ ᠪᠠᠶᠢᠬᠤ ᠪᠠᠨ ᠢᠯᠡᠳᠬᠡᠵᠦ᠂ ᠳᠡᠳᠡᠨ ᠤ ᠰᠢᠷᠭᠠᠭᠤ ᠬᠠᠲᠠᠭᠤᠵᠢᠯᠲᠠᠢ ᠠᠵᠢᠯᠯᠠᠬᠰᠠᠨ ᠪᠠ ᠰᠢᠯᠢᠳᠡᠭ ᠠᠮᠵᠢᠯᠲᠠ ᠤᠯᠤᠬᠰᠠᠨ ᠢ ᠭᠦᠢᠴᠡᠳ ᠨᠤᠲᠠᠯᠠᠵᠤ᠂ ᠤᠯᠠᠨ ᠢ ᠡᠷᠡᠮᠡᠬᠡᠶᠢᠯᠡᠨ ᠤᠷᠤᠭᠰᠢᠯᠠᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠭᠠᠷᠠᠢ ᠭᠡᠵᠦ ᠵᠣᠷᠢᠭᠵᠢᠭᠤᠯᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠶᠠᠩ᠂ ᠵᠤᠤ ᠯᠧ ᠵᠢᠢ᠂ ᠬᠠᠨ ᠵᠧᠩ ᠠᠭᠤᠯᠵᠠᠯᠲᠠ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ ᠠᠭᠤᠯᠵᠠᠯᠲᠠ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃      13 ᠤ ᠦᠳᠡ ᠶᠢᠨ ᠡᠮᠦᠨ᠎ᠡ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠳ᠋ᠧᠩ ᠤᠨ ᠬᠡᠷᠡᠯ ᠳᠤᠸᠠᠯᠠᠵᠤ᠂ ᠬᠦᠷ ᠬᠥᠭᠵᠢᠶᠡᠨ ᠢᠶᠠᠷ ᠪᠢᠯᠬᠠᠨ᠎ᠠ᠃ 11 ᠴᠠᠭ ᠤᠨ ᠦᠶ᠎ᠡ ᠪᠠᠷ᠂ ᠰᠢ ᠶᠢᠨ ᠫᠢᠩ ᠨᠡᠷ ᠠᠳᠡ ᠬᠦᠷᠴᠤ ᠢᠷᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠡᠷ ᠲᠥᠯᠥᠭᠡᠯᠡᠭᠴᠢᠳ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃      7 ᠰᠠᠷ᠎ᠠ ᠶᠢᠨ 13 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ  ᠶᠢᠨ ᠪᠡᠯᠡᠳᠬᠡᠯ ᠠᠵᠢᠯ  ᠤᠨ ᠬᠤᠯᠪᠤᠬᠳᠠᠯ ᠪᠦᠬᠦᠢ ᠲᠠᠯ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃      ᠰᠢᠨᠬᠤᠧᠠ ᠬᠤᠷᠢᠶᠠᠨ ᠤ ᠰᠤᠷᠪᠤᠯᠵᠢᠯᠠᠬᠴᠢ ᠶᠢᠨ ᠪᠦᠸᠧ ᠭᠦ᠋ ᠰᠡᠬᠦᠳᠡᠷᠯᠡᠪᠡ      ᠲᠦᠷᠦᠭᠦᠬᠡᠨ᠂ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠡᠯᠭᠡᠯᠡᠬᠦ ᠠᠵᠢᠯᠯᠠᠭ᠎ᠠ ᠶᠢᠨ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠬᠠᠶᠢᠯᠠᠨ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠭᠦ ᠪᠣᠯ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠨᠠᠮ ᠪᠠ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠮᠥᠨ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠡᠯ᠎ᠡ ᠱᠠᠲᠤ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠪᠡᠯᠭᠡᠯᠡᠬᠦ ᠠᠵᠢᠯᠯᠠᠭ᠎ᠠ ᠦᠪᠡᠳᠡᠭᠰᠢ ᠶᠡᠭᠡ ᠪᠦᠭᠡᠳ ᠲᠦᠪ ᠶᠡᠬᠡᠮᠰᠦᠭ᠂ ᠰᠦᠷ ᠳᠠᠯᠠᠶᠢᠴᠠᠲᠠᠢ᠂ ᠡᠮᠬᠢ ᠵᠢᠷᠤᠮ ᠲᠠᠢ ᠪᠦᠭᠡᠳ ᠶᠣᠰᠣ ᠲᠢᠭᠯᠢᠮ ᠲᠠᠢ᠂ ᠪᠠᠶᠠᠰᠬᠤᠯᠠᠩᠳᠤ ᠰᠠᠶᠢᠬᠠᠨ ᠶᠠᠪᠤᠬᠳᠠᠵᠤ᠂ ᠶᠣᠰᠣᠯᠠᠯ ᠤᠨ ᠲᠦᠷᠦᠭᠳᠡᠯ᠂ ᠣᠷᠣᠯᠴᠠᠬᠤ ᠲᠦᠷᠦᠭᠳᠡᠯ᠂ ᠤᠳᠤᠬᠢᠴᠢ ᠲᠦᠷᠦᠭᠳᠡᠯ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠬᠡᠪ ᠨᠠᠮᠪᠠ᠂ ᠳᠤᠮᠳᠠᠳᠤ ᠤᠯᠤᠰ ᠤᠨ ᠴᠤᠭ ᠵᠢᠪᠬᠤᠭ᠎ᠠ᠂ ᠳᠤᠮᠳᠠᠳᠤ ᠤᠯᠤᠰ ᠤᠨ ᠲᠦᠷᠰᠤ ᠪᠠᠶᠢᠳᠠᠯ ᠢ ᠬᠠᠷᠠᠭᠤᠯᠤᠨ᠂ ᠦᠵᠡᠯ ᠰᠠᠨᠠᠭ᠎ᠠ ᠶᠢ ᠨᠢᠭᠡᠳᠬᠡᠬᠦ᠂ ᠬᠦᠴᠦᠨ ᠴᠢᠳᠠᠯ ᠢ ᠨᠢᠭᠲᠠᠷᠠᠭᠤᠯᠬᠤ᠂ ᠬᠥᠮᠦᠰ ᠤᠨ ᠰᠡᠳᠬᠢᠯ ᠢ ᠬᠥᠭᠵᠢᠭᠡᠬᠦ᠂ ᠡᠷᠴᠢ ᠵᠣᠷᠢᠭ ᠢ ᠬᠥᠪᠴᠢᠯᠡᠬᠦ ᠦᠢᠯᠡᠳᠦᠯ ᠦᠵᠡᠭᠦᠯᠵᠦ᠂ ᠵᠢᠱᠢᠭᠰᠡᠨ ᠬᠠᠷᠠᠯᠲᠠ ᠳᠠᠭᠠᠨ ᠪᠦᠷᠢᠮᠦᠰᠦᠨ ᠬᠦᠷᠴᠠᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠡᠨᠡ ᠤᠳᠠᠭ᠎ᠠ ᠶᠢᠨ ᠪᠡᠯᠭᠡᠯᠡᠬᠦ ᠠᠵᠢᠯᠯᠠᠭ᠎ᠠ ᠶᠢᠨ ᠬᠤᠯᠪᠣᠭᠳᠠᠭᠰᠠᠨ ᠨᠢᠭᠡᠴᠢ ᠤᠯᠠᠨ᠂ ᠣᠷᠣᠯᠴᠠᠭᠰᠠᠨ ᠬᠥᠮᠦᠨ ᠤᠯᠠᠨ᠂ ᠴᠠᠭ ᠤᠨ ᠠᠯᠤᠰᠯᠠᠴᠠ ᠤᠷᠳᠤ᠂ ᠵᠣᠬᠢᠴᠠᠭᠤᠯᠭ᠎ᠠ ᠶᠢᠨ ᠬᠦᠴᠢᠷᠳᠡᠯ ᠶᠡᠭᠡ ᠪᠠᠶᠢᠵᠦ ᠂ ᠪᠡᠯᠭᠡᠯᠡᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠵᠢᠴᠢ ᠡᠯ᠎ᠡ ᠠᠵᠢᠯ ᠤᠨ ᠪᠠᠶᠢᠭᠤᠯᠤᠮᠵᠢ᠂ ᠡᠯ᠎ᠡ ᠬᠤᠯᠪᠣᠭᠳᠠᠯ ᠪᠦᠬᠦᠢ ᠲᠠᠯ᠎ᠠ ᠪᠣᠯᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ ᠵᠣᠭᠰᠣᠴᠠ ᠠᠴᠠ ᠵᠣᠬᠢᠴᠠᠭᠤᠯᠵᠤ᠂ ᠥᠨᠳᠥᠷ ᠲᠦᠪᠰᠢᠨ ᠢᠶᠠᠷ ᠬᠡᠷᠡᠭᠵᠢᠭᠦᠯᠵᠦ᠂ ᠮᠠᠰᠢ ᠪᠦᠲᠦᠮᠵᠢᠲᠡᠢ ᠠᠵᠢᠯᠯᠠᠵᠦ᠂ ᠪᠡᠯᠭᠡᠯᠡᠬᠦ ᠠᠵᠢᠯᠯᠠᠭ᠎ᠠ ᠶᠢ ᠨᠠᠮ ᠤᠨ ᠦᠪᠡᠳᠡᠭᠰᠢ ᠶᠣᠰᠣᠯᠠᠯ᠂ ᠠᠷᠠᠳ ᠲᠦᠮᠡᠨ ᠤ ᠪᠠᠶᠠᠷ ᠤᠨ ᠡᠳᠦᠷ ᠪᠣᠯᠭᠠᠵᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠪᠡᠯᠭᠡᠯᠡᠬᠦ ᠠᠵᠢᠯᠯᠠᠭ᠎ᠠ ᠶᠢᠨ ᠭᠤᠣᠯ ᠴᠣᠭᠴᠠ ᠶᠢᠨ ᠠᠵᠢᠯ ᠨᠢᠭᠡᠨᠲᠡ ᠲᠡᠭᠦᠰ ᠠᠮᠵᠢᠯᠲᠠ ᠲᠠᠢ ᠳᠠᠭᠤᠰᠤᠭᠰᠠᠨ ᠪᠣᠯᠪᠠᠴᠤ ᠠᠵᠢᠯᠯᠠᠭ᠎ᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠲᠠᠯ᠎ᠠ ᠪᠠᠷ ᠪᠠᠰᠠ ᠮᠠᠰᠢ ᠤᠯᠠᠨ ᠠᠵᠢᠯ ᠢ ᠬᠢᠬᠦ ᠴᠢᠬᠤᠯᠠᠲᠠᠢ ᠪᠠᠶᠢᠨ᠎ᠠ᠃ ᠪᠡᠯᠭᠡᠯᠡᠬᠦ ᠠᠵᠢᠯᠯᠠᠭ᠎ᠠ ᠶᠢᠨ ᠬᠥᠭᠵᠢᠭᠡᠭᠰᠡᠨ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠬᠦᠴᠦᠷᠬᠡᠭ ᠶᠡᠭᠡ ᠢᠳᠡᠪᠬᠢ ᠬᠦᠴᠦᠨ ᠢ ᠭᠦᠢᠴᠡᠳ ᠠᠰᠢᠬᠯᠠᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ ᠃ 100 ᠵᠢᠯ ᠤᠨ ᠨᠠᠮ ᠤᠨ ᠲᠡᠦᠬᠡ ᠶᠢᠨ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠲᠡᠦᠬᠡ ᠶᠢᠨ ᠤᠶᠤᠨ ᠤᠬᠠᠭᠠᠨ ᠢ ᠰᠤᠷᠤᠯᠴᠠᠨ ᠬᠡᠷᠡᠭᠯᠡᠬᠦ ᠳᠤᠮᠳᠠ ᠲᠡᠦᠬᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠲᠡᠦᠬᠡ ᠪᠠ ᠪᠦᠬᠦ ᠲᠠᠯ᠎ᠠ ᠶᠢᠨ ᠦᠨᠳᠦᠷᠴᠡ ᠠᠴᠠ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ᠂ ᠨᠠᠮ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠴᠢᠨᠠᠭᠰᠢᠳᠠ ᠰᠠᠶᠢᠲᠤᠷ ᠶᠠᠷᠢᠵᠤ᠂ ᠮᠠᠨ ᠤ ᠨᠠᠮ ᠪᠣᠯᠤᠨ ᠤᠯᠤᠰ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠪᠡᠯᠭᠡᠯᠡᠬᠦ ᠠᠵᠢᠯᠯᠠᠭ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠳ᠋ᠦᠩᠨᠡᠨ ᠰᠠᠶᠢᠲᠤᠷ ᠬᠡᠷᠡᠭᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠮᠤ ᠨᠠᠮ ᠲᠤᠮᠤ ᠤᠯᠤᠰ ᠤᠨ ᠶᠣᠰᠣᠯᠠᠯ ᠤᠨ ᠲᠦᠷᠢᠮ ᠢ ᠲᠠᠰᠤᠷᠠᠯᠳᠡ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠪᠡᠯᠭᠡᠯᠡᠬᠦ ᠠᠵᠢᠯᠯᠠᠭ᠎ᠠ ᠶᠢᠨ ᠬᠤᠶᠢᠨᠠᠬᠢ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠤᠨ᠂ ᠪᠡᠯᠭᠡᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠵᠦᠢᠯ ᠤᠨ ᠠᠵᠢᠯ ᠢ ᠬᠦᠴᠦᠯᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠵᠢᠭᠠᠵᠤ ᠭᠠᠷᠭᠠᠪᠠ᠃      ᠬᠤᠷᠠᠯ ᠠᠴᠠ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠪᠠ᠃      ᠸᠠᠩ ᠬᠤ᠋ ᠨᠢᠩ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠡᠯᠭᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠢ ᠭᠦᠢᠴᠡᠳ ᠨᠤᠲᠠᠯᠠᠵᠤ᠂ ᠪᠡᠯᠭᠡᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠡᠯᠭᠡᠯᠡᠬᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠶᠠᠪᠤᠳᠠᠯ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠨᠡᠶᠢᠭᠡᠮ ᠤᠨ ᠡᠯ᠎ᠡ ᠡᠲᠡᠭᠡᠳ ᠪᠣᠯᠤᠨ ᠠᠷᠠᠳ ᠤᠯᠠᠨ ᠤ ᠶᠡᠭᠡ ᠪᠠᠷ ᠳᠡᠮᠵᠢᠭᠰᠡᠨ ᠦᠷ᠎ᠡ ᠳ᠋ᠦᠩ ᠮᠥᠨ᠂ ᠡᠯ᠎ᠡ ᠠᠵᠢᠯ ᠤᠨ ᠪᠠᠶᠢᠭᠤᠯᠤᠮᠵᠢ ᠪᠣᠯᠤᠨ ᠪᠦᠬᠦ ᠣᠷᠣᠯᠴᠠᠭᠴᠢ ᠶᠢᠨ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠂ ᠠᠮᠵᠢᠯᠲᠠ ᠲᠠᠢ ᠠᠷᠭ᠎ᠠ ᠬᠢᠳᠡᠯ ᠪᠣᠯᠤᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠪᠡᠯᠭᠡᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠨᠠᠮ ᠤᠨ ᠲᠡᠦᠬᠡ ᠶᠢᠨ ᠭᠤᠣᠯ ᠰᠡᠳᠦᠪᠲᠦ ᠦᠵᠡᠭᠦᠯᠭᠡ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠪᠡᠯᠭᠡᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠡᠯᠭᠡᠯᠡᠬᠦ ᠠᠵᠢᠯᠯᠠᠭ᠎ᠠ ᠶᠢᠨ ᠬᠦᠭᠵᠢᠭᠡᠭᠰᠡᠨ ᠤᠷᠬᠢᠯᠤᠮ᠎ᠠ ᠬᠠᠯᠠᠭᠤᠨ ᠰᠡᠳᠬᠢᠯᠭᠡ ᠶᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠂ ᠠᠵᠢᠯ ᠬᠢᠵᠦ ᠦᠢᠯᠡᠰ ᠪᠤᠰᠬᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠡᠯᠭᠡᠯᠡᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠵᠠᠩ ᠶᠢᠦ ᠰᠢᠶᠠ᠂ ᠴᠧᠨ ᠰᠢ᠂ ᠬᠤᠸᠠᠩ ᠺᠦᠨ ᠮᠢᠩ᠂ ᠼᠠᠢ ᠴᠢ᠂ ᠰᠢᠶᠤᠤ ᠵᠢᠶᠧ᠂ ᠵᠤᠤ ᠺᠧ ᡁᠢ ᠠᠭᠤᠯᠵᠠᠯᠲᠠ ᠳᠤ ᠣᠷᠣᠯᠴᠠᠭᠰᠠᠨ ᠪᠥᠭᠡᠳ ᠬᠤᠷᠠᠯ ᠳᠤ ᠣᠷᠣᠯᠴᠠᠪᠠ᠃ ᠪᠡᠯᠭᠡᠯᠡᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠠᠵᠢᠯ ᠤᠨ ᠪᠠᠶᠢᠭᠤᠯᠤᠮᠵᠢ ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠠᠵᠢᠯᠳᠠᠨ᠂ ᠴᠢᠯᠥᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠬᠦᠮ᠂ ᠶᠣᠰᠣᠯᠠᠯ ᠤᠨ ᠠᠩᠬᠢ᠂ ᠨᠢᠰᠦᠯᠲᠡ ᠶᠢᠨ ᠱᠠᠲᠤᠯᠵᠢᠨ ᠠᠩᠬᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠠ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ᠂ ᠨᠠᠶᠢᠷᠠᠯ ᠳᠠᠭᠤᠤ ᠶᠢᠨ ᠪᠦᠯᠬᠦᠮ᠂ ᠲᠣᠭᠯᠠᠭᠴᠢ᠂ ᠠᠮᠤᠷ ᠢ ᠬᠠᠮᠠᠭᠠᠯᠠᠬᠤ ᠡᠮᠦᠨ᠎ᠡ ᠹᠷᠣᠨᠲ ᠤᠨ ᠵᠢᠵᠢᠭᠦᠷᠯᠡᠭᠴᠢ᠂ ᠰᠠᠶᠢᠨ ᠳᠤᠷᠠᠴᠤᠳ᠂ ᠦᠢᠯᠡᠴᠢᠯᠡᠭᠡ ᠪᠠᠲᠤᠯᠠᠭ᠎ᠠ ᠶᠢᠨ ᠠᠵᠢᠯᠳᠠᠨ᠂ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠲᠥᠯᠥᠭᠡᠯᠡᠭᠴᠢ ᠨᠠᠷ ᠠᠵᠢᠯᠯᠠᠭ᠎ᠠ ᠳᠤ ᠣᠷᠣᠯᠴᠠᠵᠠᠢ᠃ ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 13 ᠤ ᠴᠠᠬᠢᠯᠭᠠᠨ ᠮᠡᠳᠡᠭᠡ︶
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号