ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠢᠮᠦᠯᠠᠨ · ᠬᠠᠨ ᠲᠠᠢ ᠤᠲᠠᠰᠤ ᠪᠠᠷ ᠶᠠᠷᠢᠯᠴᠠᠵᠤ ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/7/21
    ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠢᠮᠦᠯᠠᠨ · ᠬᠠᠨ ᠲᠠᠢ ᠤᠲᠠᠰᠤ ᠪᠠᠷ ᠶᠠᠷᠢᠯᠴᠠᠵᠤ ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ      ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠢᠮᠦᠯᠠᠨ · ᠬᠠᠨ ᠲᠠᠢ ᠤᠲᠠᠰᠤ ᠪᠠᠷ ᠶᠠᠷᠢᠯᠴᠠᠪᠠ      ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ ᠵᠥᠩ ᠨᠠᠨ ᠬᠠᠶ ᠶᠢᠨ ᠽᠢ ᠭᠤᠸᠠᠩ ᠭᠧ ᠳᠤ ᠫᠠᠺᠢᠰᠲ᠋ᠠᠨ ᠤ ᠶᠡᠷᠦᠩᠬᠡᠶ ᠰᠠᠶᠢᠳ ᠢᠮᠦᠯᠠᠨ · ᠬᠠᠨ ᠲᠠᠢ ᠪᠣᠯᠵᠤᠭ᠎ᠠ ᠶᠣᠰᠣᠭᠠᠷ ᠤᠲᠠᠰᠤ ᠪᠠᠷ ᠶᠠᠷᠢᠯᠴᠠᠪᠠ᠃      ᠢᠮᠦᠯᠠᠨ · ᠬᠠᠨ ᠶᠠᠭᠤᠨ ᠤ ᠡᠮᠦᠨ᠎ᠡ ᠫᠠᠺᠢᠰᠲ᠋ᠠᠨ ᠤ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠡᠮᠦᠨ᠎ᠡ ᠠᠴᠠ ᠲᠦᠷᠦᠭᠦᠬᠡᠨ ᠳᠤ ᠫᠠᠺᠢᠰᠲ᠋ᠠᠨ ᠳᠤ ᠰᠦᠷᠳᠡᠭᠦᠯᠦᠯ ᠤᠨ ᠦᠵᠡᠯ ᠤᠨ ᠲᠠᠭᠠᠷᠢᠯᠳᠠ ᠶᠢᠨ ᠬᠡᠷᠡᠭ ᠡᠭᠦᠰᠴᠦ ᠂ ᠳᠤᠮᠳᠠᠳᠤ ᠶᠢᠨ ᠲᠠᠯ᠎ᠠ ᠶᠢᠨ ᠬᠥᠮᠦᠰ ᠬᠦᠨᠳᠦ ᠨᠣᠴᠢᠲᠠᠢ ᠦᠬᠦᠵᠦ ᠰᠢᠷᠬᠠᠳᠤᠭᠰᠠᠨ ᠲᠤᠬᠠᠢ ᠳᠤᠮᠳᠠᠳᠤ ᠤᠯᠤᠰ ᠤᠨ ᠵᠠᠰᠠᠭ ᠤᠨ ᠣᠷᠳᠣᠨ ᠳᠤ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠷᠬᠡᠶᠢᠯᠡᠵᠦ᠂ ᠠᠳᠡᠭᠰᠡᠳ ᠤᠨ ᠭᠡᠷ ᠪᠦᠯᠢ ᠶᠢᠨ ᠬᠢᠨ ᠳᠤ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠭᠰᠡᠨ ᠪᠥᠭᠡᠳ ᠫᠠᠺᠢᠰᠲ᠋ᠠᠨ ᠤ ᠲᠠᠯ᠎ᠠ ᠶᠢᠨ ᠱᠠᠳᠤᠴᠢ ᠴᠢᠨᠠᠷᠲᠠᠢ ᠪᠠᠶᠢᠴᠠᠭᠠᠯᠲᠠ ᠶᠢᠨ ᠠᠬᠢᠴᠠ ᠪᠣᠯᠤᠨ ᠳᠠᠷᠠᠭᠠᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠡᠢ᠃      ᠯᠢ ᠺᠧ ᠴᠢᠶᠠᠩ ᠫᠠᠺᠢᠰᠲ᠋ᠠᠨ ᠤ ᠲᠠᠯ᠎ᠠ ᠶᠢᠨ ᠬᠢᠨ ᠬᠡᠷᠡᠭ ᠭᠠᠷᠤᠭᠰᠠᠨ ᠤ ᠳᠠᠷᠠᠭ᠎ᠠ ᠲᠡᠷᠡ ᠳᠠᠷᠤᠢ ᠳᠤ ᠨᠢ ᠰᠢᠷᠬᠠᠲᠤᠭᠰᠠᠳ ᠢ ᠠᠪᠤᠷᠠᠨ ᠡᠮᠨᠡᠬᠦ ᠪᠠ ᠠᠳᠡᠯ ᠤᠨ ᠪᠠᠶᠢᠴᠠᠭᠠᠯᠲᠠ ᠬᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠠᠮᠢ ᠨᠠᠰᠤ ᠠᠯᠢᠪᠠ ᠠᠴᠠ ᠴᠢᠬᠤᠯᠠ᠂ ᠳᠤᠮᠳᠠᠳᠤ ᠤᠯᠤᠰ ᠤᠨ ᠵᠠᠰᠠᠭ ᠤᠨ ᠣᠷᠳᠣᠨ ᠠᠴᠠ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠣᠳᠣᠬᠠᠨ ᠤ ᠪᠠᠴᠢᠮ ᠡᠭᠦᠷᠭᠡ ᠪᠣᠯ ᠰᠢᠷᠬᠠᠲᠤᠭᠰᠠᠳ ᠢ ᠪᠦᠬᠦ ᠬᠦᠴᠦᠨ ᠢᠶᠠᠷ ᠠᠪᠤᠷᠠᠨ ᠡᠮᠨᠡᠵᠦ᠂ ᠦᠷᠡᠭᠳᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠳᠡᠭᠰᠡᠳ ᠤᠨ ᠬᠤᠵᠢᠮ ᠤᠨ ᠶᠠᠪᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠤᠨ᠎ᠠ᠃ ᠳᠤᠮᠳᠠᠳᠤ ᠶᠢᠨ ᠲᠠᠯ᠎ᠠ ᠶᠢᠨ ᠠᠵᠢᠯᠯᠠᠬᠤ ᠳᠤᠭᠤᠶᠢᠯᠠᠩ ᠨᠢᠭᠡᠨᠲᠡ ᠫᠠᠺᠢᠰᠲ᠋ᠠᠨ ᠳᠤ ᠬᠦᠷᠴᠡᠢ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠨᠢᠭᠲᠠ ᠬᠠᠮᠵᠢᠯᠴᠠᠵᠤ᠂ ᠫᠠᠺᠢᠰᠲ᠋ᠠᠨ ᠤ ᠲᠠᠯ᠎ᠠ ᠶᠢᠨ ᠬᠢᠨ ᠠᠵᠢᠯᠯᠠᠬᠤ ᠳᠤᠭᠤᠶᠢᠯᠠᠩ ᠳᠤ ᠬᠠᠪᠰᠤᠷᠤᠯᠭ᠎ᠠ ᠬᠠᠩᠭᠠᠵᠤ᠂ ᠴᠢᠬᠤᠯᠠ ᠪᠦᠬᠦᠢ ᠠᠷᠭ᠎ᠠ ᠬᠡᠮᠵᠢᠶ᠎ᠡ ᠪᠦᠬᠦᠨ ᠢ ᠬᠡᠷᠡᠭᠯᠡᠵᠦ᠂ ᠪᠣᠳᠠᠲᠤ ᠬᠡᠷᠡᠭ ᠤᠨ ᠦᠨᠡᠨ ᠪᠠᠶᠢᠳᠠᠯ ᠢ ᠨᠠᠷᠢᠨ ᠬᠢᠨᠠᠮᠠᠭᠠᠢ᠂ ᠬᠠᠷᠢᠭᠤᠴᠠᠯᠭ᠎ᠠ ᠲᠠᠢ᠂ ᠣᠨᠣᠪᠴᠢᠲᠠᠢ ᠪᠠᠶᠢᠴᠠᠭᠠᠨ ᠲᠤᠳᠤᠯᠠᠵᠤ᠂ ᠰᠦᠷᠳᠡᠭᠦᠯᠦᠯ ᠤᠨ ᠦᠵᠡᠯ ᠤᠨ ᠲᠠᠭᠠᠷᠢᠯᠳᠠ ᠶᠢᠨ ᠶᠠᠷᠭᠠᠴᠢᠨ ᠢ ᠡᠷᠬᠡᠪᠰᠢ ᠬᠠᠤᠯᠢ ᠪᠠᠷ ᠰᠢᠢᠳᠬᠡᠬᠦ ᠶᠢ ᠬᠦᠰᠡᠵᠦ ᠪᠠᠶᠢᠨ᠎ᠠ ᠭᠡᠵᠡᠢ᠃ ᠯᠢ ᠺᠧ ᠴᠢᠶᠠᠩ ᠬᠦᠰᠡᠬᠦ ᠳᠤ ᠪᠠᠨ᠂ ᠫᠠᠺᠢᠰᠲ᠋ᠠᠨ ᠤ ᠲᠠᠯ᠎ᠠ ᠶᠢᠨ ᠬᠢᠨ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠡᠶᠢᠮᠦᠷᠬᠦ ᠬᠡᠷᠡᠭ ᠳᠠᠬᠢᠨᠲᠠ ᠭᠠᠷᠬᠤ ᠶᠢ ᠪᠦᠬᠦ ᠬᠦᠴᠦᠨ ᠢᠶᠠᠷ ᠰᠡᠷᠭᠡᠶᠢᠯᠡᠬᠦ ᠬᠡᠷᠡᠭᠲᠡᠢ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠨᠠᠷᠢᠨ ᠪᠤᠳᠤᠯᠢᠶᠠᠨᠲᠠᠢ ᠪᠥᠭᠡᠳ ᠭᠦᠨᠵᠡᠭᠡᠢ ᠬᠤᠪᠢᠷᠠᠯᠲᠠ ᠭᠠᠷᠴᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠫᠠᠺᠢᠰᠲ᠋ᠠᠨ ᠤ ᠬᠠᠷᠢᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠪᠢᠳᠡ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠮᠥᠨ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠤ ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃      ᠢᠮᠦ᠋ᠯᠠᠨ · ᠬᠠᠨ ᠢᠯᠡᠷᠬᠡᠶᠢᠯᠡᠬᠦ ᠳᠤ ᠪᠠᠨ᠂ ᠫᠠᠺᠢᠰᠲ᠋ᠠᠨ ᠤ ᠲᠠᠯ᠎ᠠ ᠶᠢᠨ ᠬᠢᠨ ᠡᠳᠦᠷ ᠰᠥᠨᠢ ᠢᠯᠭᠠᠯ ᠦᠭᠡᠢ ᠪᠥᠬᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠵᠠᠰᠠᠵᠤ ᠪᠠᠶᠢᠨ᠎ᠠ᠂ ᠪᠥᠬᠦ ᠬᠦᠴᠦᠨ ᠢᠶᠠᠷ ᠢᠶᠠᠨ ᠬᠡᠷᠡᠭ ᠤᠨ ᠦᠨᠡᠨ ᠪᠠᠶᠢᠳᠠᠯ ᠢ ᠲᠦᠢᠯᠪᠤᠷᠢᠲᠠᠶ ᠪᠠᠶᠢᠴᠠᠭᠠᠵᠤ᠂ ᠵᠢᠩᠬᠢᠨᠢ ᠶᠠᠷᠭᠠᠴᠢᠨ ᠢ ᠠᠯᠢ ᠲᠦᠷᠭᠡᠨ ᠢᠶᠠᠷ ᠬᠠᠤᠯᠢ ᠪᠠᠷ ᠪᠠᠶᠢᠴᠠᠭᠠᠨ ᠰᠢᠢᠳᠬᠡᠨ᠎ᠡ᠃ ᠫᠠᠺᠢᠰᠲ᠋ᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠢᠯᠯᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠬᠠᠪᠰᠤᠷᠤᠨ ᠳᠡᠮᠵᠢᠨ᠎ᠡ ᠭᠡᠵᠡᠢ᠃      ᠢᠮᠦᠯᠠᠨ · ᠬᠠᠨ ᠴᠢᠬᠤᠯᠠᠴᠢᠯᠠᠬᠤ ᠳᠤ ᠪᠠᠨ᠂ ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠢᠭᠡᠨᠲᠡ ᠬᠡᠷᠡᠭᠵᠢᠭᠦᠯᠦᠭᠰᠡᠨ ᠪᠥᠭᠡᠳ ᠦᠷᠭᠦᠯᠵᠢᠯᠡᠨ ᠴᠢᠩᠭᠠᠳᠬᠠᠵᠤ᠂ ᠫᠠᠺᠢᠰᠲ᠋ᠠᠨ ᠳᠤᠮᠳᠠᠳᠤ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠠᠮᠤᠷ ᠲᠦᠪᠰᠢᠨ ᠪᠥᠭᠡᠳ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠣᠯᠤᠨ᠎ᠠ ᠭᠡᠵᠦ ᠴᠢᠬᠤᠯᠠᠴᠢᠯᠠᠪᠠ᠃      ᠡᡁᠧ ᠯᠢ ᠹᠧᠩ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号