ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠬᠤ ᠲᠤᠬᠠᠢ | ᠪᠠᠶᠢᠷᠢᠯᠠᠭᠤᠯᠪᠠ | | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ | | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠬᠤ | ᠲᠤᠬᠠᠢ ᠪᠠᠶᠢᠷᠢᠯᠠᠭᠤᠯᠵᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠡᠢ ᠭᠡᠵᠡᠢ | | ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ ᠮᠥᠩᠭᠦᠨ ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠠᠵᠢᠯ ᠢ ᠭᠦᠨᠵᠡᠭᠡᠶᠢᠷᠡᠭᠦᠯᠬᠦ | ᠲᠤᠬᠠᠢ ᠰᠤᠳᠤᠯᠪᠠ | | ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠷᠭ᠎ᠠ ᠬᠡᠮᠵᠢᠶ᠎ᠡ ᠶᠢ ᠲᠣᠭᠲᠠᠭᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 21 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠵᠤ᠂ ᠠᠷᠠᠳᠲ᠋ᠦ᠋ᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ︔ ᠮᠥᠩᠭᠦᠨ | ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠮᠥᠩᠭᠦᠨ ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠠᠵᠢᠯ ᠢ ᠭᠦᠨᠵᠡᠭᠡᠶᠢᠷᠡᠭᠦᠯᠬᠦ ᠲᠤᠬᠠᠢ | ᠰᠤᠳᠤᠯᠪᠠ︔ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃ | | ᠬᠤᠷᠠᠯ ᠠᠴᠠ ᠵᠢᠭᠠᠬᠤ ᠳᠤ ᠪᠠᠨ᠂ ᠣᠶᠢᠷ᠎ᠠ ᠶᠢᠨ ᠡᠳᠦᠷ ᠮᠠᠨ ᠤ ᠤᠯᠤᠰ ᠤᠨ ᠣᠯᠠᠨ ᠭᠠᠵᠠᠷ ᠲᠤ ᠰᠢᠷᠦᠭᠦᠨ | ᠪᠣᠷᠣᠭᠠᠨ ᠣᠷᠣᠵᠤ᠂ ᠥᠴᠥᠭᠡᠳᠦᠷ ᠾᠧᠨᠠᠨ ᠤ ᠬᠡᠰᠡᠭ ᠭᠠᠵᠠᠷ ᠲᠤ ᠪᠠᠰᠠ ᠲᠦᠢᠯ ᠤᠨ ᠰᠢᠷᠦᠭᠦᠨ ᠪᠣᠷᠣᠭᠠᠨ | ᠣᠷᠣᠵᠤ᠂ ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠲᠤ ᠠᠪᠲᠠᠵᠤ᠂ ᠢᠯᠠᠩᠭᠤᠶ᠎ᠠ ᠬᠤᠪᠣᠷᠬᠠᠨ | ᠲᠣᠬᠢᠶᠠᠯᠳᠤᠬᠤ ᠬᠤᠲᠠ ᠶᠢᠨ ᠳᠣᠲᠣᠭᠠᠳᠤ ᠤᠰᠤᠳᠤᠯ ᠡᠭᠦᠰᠴᠦ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠪᠠ | ᠡᠳ᠋ ᠬᠥᠷᠥᠩᠭᠡ ᠶᠢᠨ ᠬᠦᠨᠳᠦ ᠨᠣᠴᠢᠲᠠᠶ ᠬᠤᠬᠢᠷᠠᠯ ᠢ ᠪᠣᠢ ᠪᠣᠯᠭᠠᠪᠠ᠃ ᠣᠳᠣᠬᠠᠨ ᠳᠤ ᠮᠠᠨ ᠤ ᠤᠯᠤᠰ ᠶᠠᠭ ︽ | ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ ᠰᠠᠷ᠎ᠠ ᠶᠢᠨ ᠡᠬᠢᠨ︾ ᠤ ᠦᠶᠡᠷ ᠤᠰᠤᠳᠤᠯ ᠤᠨ ᠭᠤᠣᠯ ᠬᠤᠭᠤᠴᠠᠭ᠎ᠠ | ᠪᠠ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠴᠠᠭ ᠠᠭᠤᠷ ᠤᠨ | ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ ᠳᠤ ᠬᠡᠰᠡᠭ ᠭᠠᠵᠠᠷ ᠲᠤ ᠮᠥᠨ ᠬᠦ | ᠰᠢᠷᠦᠭᠦᠨ ᠪᠣᠷᠣᠭᠠᠨ ᠣᠷᠣᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ | ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠨᠢᠭᠡ ᠳᠤ᠂ ᠬᠤᠯᠪᠣᠭᠳᠠᠯ ᠪᠦᠬᠦᠢ | ᠲᠤᠰᠬᠠᠶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠪᠡᠯᠡ ᠮᠥᠩᠭᠦ ᠪᠠ ᠡᠳ᠋ ᠪᠣᠳᠠᠰ ᠢ ᠰᠢᠯᠵᠢᠭᠦᠯᠦᠨ | ᠴᠤᠭᠯᠠᠭᠤᠯᠵᠤ᠂ ᠾᠧᠨᠠᠨ ᠢ ᠪᠦᠬᠦ ᠬᠦᠴᠦᠨ ᠢᠶᠠᠷ ᠢᠶᠠᠨ ᠠᠶᠤᠯ ᠭᠠᠮᠰᠢᠭ ᠠᠴᠠ ᠠᠪᠤᠷᠠᠬᠤ ᠳᠤ ᠳᠡᠮᠵᠢᠨ ᠬᠠᠪᠰᠤᠷᠴᠤ | ᠂ ᠠᠶᠤᠯ ᠳᠤ ᠤᠴᠠᠷᠠᠭᠰᠠᠨ ᠬᠥᠮᠦᠰ ᠢ ᠬᠠᠶᠢᠨ ᠠᠪᠤᠷᠠᠬᠤ᠂ ᠰᠢᠷᠬᠠᠲᠤᠭᠰᠠᠳ ᠢ ᠠᠪᠤᠷᠠᠨ ᠡᠮᠨᠡᠬᠦ᠂ ᠭᠠᠮᠰᠢᠭᠳᠠᠭᠰᠠᠨ | ᠤᠯᠠᠨ ᠲᠦᠮᠡᠨ ᠢ ᠰᠢᠯᠵᠢᠭᠦᠯᠦᠨ ᠲᠥᠪᠬᠢᠨᠡᠭᠦᠯᠬᠦ᠂ ᠠᠳᠡᠭᠰᠡᠳ ᠤᠨ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠵᠡᠷᠭᠡ | ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠨ | ᠭᠠᠮᠰᠢᠭ ᠲᠠᠢ ᠲᠡᠮᠡᠴᠡᠬᠦ ᠳᠤ ᠦᠵᠡᠭᠦᠯᠬᠦ ᠳᠡᠮᠵᠢᠯᠭᠡ ᠪᠠᠨ ᠴᠢᠩᠭᠠᠷᠠᠭᠤᠯᠵᠤ᠂ ᠬᠥᠮᠦᠨ ᠤ ᠬᠦᠴᠦᠨ ᠢ ᠨᠡᠮᠡᠨ | ᠲᠣᠮᠢᠯᠠᠵᠤ᠂ ᠪᠣᠳᠠᠰ ᠤᠨ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠶᠡᠭᠡ ᠭᠤᠣᠯ ᠮᠥᠷᠡᠨ᠂ ᠵᠢᠵᠢᠭ ᠬᠡᠯᠪᠡᠷᠢ ᠶᠢᠨ | ᠡᠮᠵᠡᠭ ᠠᠶᠤᠯ ᠲᠠᠢ ᠤᠰᠤᠨ ᠴᠥᠭᠦᠷᠥᠮ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠰᠢᠯᠭ᠎ᠠ ᠳᠠᠯᠠᠩ ᠢ | ᠴᠢᠩᠭ᠎ᠠ ᠨᠢᠮᠪᠠᠶ ᠲᠣᠭᠤᠷᠢᠨ ᠪᠠᠶᠢᠴᠠᠭᠠᠬᠤ ᠪᠠ ᠠᠶᠤᠯ ᠢ ᠠᠷᠢᠯᠭᠠᠬᠤ ᠶᠢ ᠴᠢᠩᠭᠠᠳᠬᠠᠬᠤ ᠬᠡᠷᠡᠭᠲᠡᠢ᠃ ᠵᠠᠮ | ᠬᠠᠷᠢᠯᠴᠠᠭᠠᠨ ᠤ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠰᠠᠶᠢᠲᠤᠷ ᠬᠢᠬᠦ | ᠬᠡᠷᠡᠭᠲᠡᠢ᠃ ᠬᠤᠳᠠ ᠶᠢᠨ ᠳᠣᠲᠣᠭᠠᠳᠤ ᠤᠰᠤᠲᠤᠯ ᠪᠠ ᠰᠢᠪᠠᠷ ᠴᠢᠯᠠᠭᠤᠨ ᠤᠷᠤᠰᠬᠠᠯ ᠵᠡᠷᠭᠡ ᠡᠭᠦᠰᠦᠮᠡᠯ ᠭᠠᠮᠰᠢᠭ ᠢ | ᠰᠡᠷᠭᠡᠶᠢᠯᠡᠬᠦ ᠬᠡᠷᠡᠭᠲᠡᠢ᠃ ᠭᠤᠷᠪᠠ ᠳᠤ᠂ ᠴᠠᠭ ᠠᠭᠤᠷ ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠬᠡᠪ ᠤᠨ ᠪᠤᠰᠤ ᠴᠠᠭ ᠠᠭᠤᠷ ᠠᠴᠠ ᠪᠣᠯᠵᠤ ᠭᠠᠮᠰᠢᠭ ᠡᠭᠦᠰᠴᠦ ᠮᠡᠳᠡᠬᠦ ᠡᠯ᠎ᠡ ᠵᠦᠢᠯ ᠤᠨ | ᠪᠡᠯᠡᠳᠬᠡᠯ ᠢ ᠭᠦᠢᠴᠡᠳ ᠬᠢᠵᠦ᠂ ᠵᠠᠶᠢᠯᠠᠭᠤᠯᠬᠤ ᠶᠣᠰᠣᠲᠠᠢ ᠶᠢ ᠨᠢ ᠵᠠᠶᠢᠯᠠᠭᠤᠯᠵᠤ᠂ ᠤᠬᠤᠷᠢᠭᠤᠯᠬᠤ ᠶᠣᠰᠣᠲᠠᠢ ᠶᠢ ᠨᠢ | ᠤᠬᠤᠷᠢᠭᠤᠯᠵᠤ᠂ ᠭᠠᠮᠰᠢᠭ ᠡᠭᠦᠰᠬᠦ ᠠᠴᠠ ᠡᠮᠦᠨ᠎ᠡ ᠤᠷᠢᠳᠴᠢᠯᠠᠨ ᠰᠡᠷᠭᠡᠶᠢᠯᠡᠵᠦ᠂ ᠤᠯᠠᠨ ᠲᠦᠮᠡᠨ ᠤ ᠠᠮᠤᠷ | ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠭᠠᠮᠰᠢᠭ ᠤᠨ ᠬᠤᠬᠢᠷᠠᠯ ᠢ ᠪᠠᠭᠠᠰᠬᠠᠨ᠂ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | | ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ ᠮᠠᠨ ᠤ ᠤᠯᠤᠰ ᠤᠨ ᠮᠥᠩᠭᠦᠨ | ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠡᠮᠬᠢ ᠳᠢᠭᠯᠢᠮ ᠲᠠᠢ ᠶᠠᠪᠤᠭᠳᠠᠵᠤ᠂ ᠢᠳᠡᠪᠬᠢᠲᠡᠢ ᠠᠬᠢᠴᠠ ᠲᠠᠢ | ᠪᠤᠯᠵᠤ᠂ ᠨᠡᠶᠢᠳᠡ 100 ᠭᠠᠷᠤᠢ ᠭᠠᠳᠠᠭᠠᠳᠤ ᠪᠡᠯᠡ ᠶᠢᠨ ᠪᠠᠩᠬᠢ᠂ ᠳᠠᠭᠠᠳᠬᠠᠯ᠂ ᠦᠨᠡᠲᠦ ᠲᠡᠮᠳᠡᠭᠲᠦ᠂ ᠵᠣᠭᠤᠰ | ᠲᠥᠯᠥᠵᠦ ᠲᠣᠭᠠᠴᠠᠨ ᠪᠤᠳᠤᠬᠤ ᠵᠡᠷᠭᠡ ᠪᠠᠶᠢᠭᠤᠯᠤᠮᠵᠢ ᠪᠠᠶᠢᠭᠤᠯᠬᠤ ᠶᠢ ᠵᠥᠪᠰᠢᠶᠡᠷᠡᠪᠡ ᠭᠡᠵᠡᠢ᠃ ᠬᠤᠷᠠᠯ ᠠᠴᠠ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠳᠠᠪᠤᠷᠢ ᠶᠢ | ᠴᠢᠩᠭᠠᠳᠬᠠᠬᠤ ᠶᠢᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ | ᠂ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠳᠤᠮᠳᠠᠳᠤ ᠤᠯᠤᠰ ᠢ | ᠢᠮᠠᠭᠲᠠ ᠭᠠᠳᠠᠭᠠᠳᠤ ᠪᠡᠯᠡ ᠶᠢ ᠲᠠᠲᠠᠨ ᠣᠷᠣᠭᠤᠯᠬᠤ ᠠᠰᠢᠭᠲᠠᠢ ᠣᠷᠣᠨ ᠪᠣᠯᠭᠠᠬᠤ ᠬᠡᠷᠡᠭᠲᠡᠢ᠃ ᠨᠢᠭᠡ ᠳᠤ᠂ | ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠶᠢᠨ ᠠᠮᠠᠯᠠᠯᠲᠠ ᠶᠢᠨ ᠨᠠᠶᠢᠳᠠᠪᠤᠷᠢᠵᠢᠭᠤᠯᠤᠯᠲᠠ ᠶᠢ | ᠦᠷᠭᠦᠯᠵᠢᠯᠡᠨ ᠰᠠᠶᠢᠲᠤᠷ ᠠᠳᠬᠤᠵᠤ᠂ ᠨᠡᠬᠡᠬᠡᠯᠳᠡ ᠶᠢᠨ ᠬᠡᠮᠵᠢᠶ᠎ᠡ ᠪᠠᠷ ᠨᠡᠯᠢᠶᠡᠳ ᠥᠨᠳᠥᠷ ᠤᠯᠠᠨ ᠤᠯᠤᠰ ᠤᠨ | ᠪᠠᠷᠢᠮᠵᠢᠶ᠎ᠠ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠠᠯᠳᠠᠭᠳᠠᠯ ᠲᠠᠢ ᠵᠦᠢᠯᠡᠰ ᠤᠨ ᠨᠠᠷᠢᠨ | ᠬᠠᠭᠤᠳᠠᠰᠤ ᠪᠠᠷ ᠰᠠᠭᠤᠷᠢ ᠪᠣᠯᠭᠠᠭᠰᠠᠨ ᠨᠡᠩ ᠥᠨᠳᠥᠷ ᠬᠢᠷᠢ ᠲᠦᠪᠰᠢᠨ ᠪᠦᠬᠦᠢ ᠮᠥᠩᠭᠦᠨ ᠭᠦᠢᠯᠭᠡᠭᠡᠨ ᠤ | ᠨᠡᠬᠡᠬᠡᠯᠳᠡ ᠶᠢ ᠪᠦᠷᠢᠯᠳᠦᠭᠦᠯᠬᠦ ᠬᠡᠷᠡᠭᠲᠡᠢ᠃ ᠬᠤᠶᠠᠷ ᠲᠤ᠂ ᠭᠠᠳᠠᠭᠠᠳᠤ ᠪᠡᠯᠡ ᠶᠢᠨ ᠪᠠᠩᠬᠢ᠂ ᠳᠠᠭᠠᠳᠬᠠᠯ ᠵᠡᠷᠭᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠱᠠᠭᠠᠷᠳᠠᠯᠭ᠎ᠠ ᠶᠢ | ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠬᠡ ᠬᠦᠦ ᠺᠣᠮᠫᠠᠨᠢ ᠶᠢᠨ ᠬᠢᠯᠢ ᠠᠯᠤᠰᠯᠠᠨ | ᠶᠠᠪᠤᠯᠴᠠᠬᠤ ᠳᠦᠷᠢᠮ ᠵᠢᠷᠤᠮ ᠢ ᠲᠡᠭᠦᠯᠳᠡᠷᠵᠢᠭᠦᠯᠬᠦ ᠬᠡᠷᠡᠭᠲᠡᠢ᠃ ᠭᠠᠳᠠᠭᠠᠳᠤ ᠪᠡᠯᠡ ᠶᠢᠨ ᠬᠢᠯᠢ ᠶᠢᠨ ᠳᠣᠲᠣᠷᠠᠬᠢ | ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠤ ᠣᠷᠣᠯᠴᠠᠬᠤ ᠠᠷᠭ᠎ᠠ ᠵᠠᠮ ᠪᠠ ᠠᠷᠭ᠎ᠠ ᠮᠠᠶ᠋ᠢᠭ ᠢ ᠰᠢᠯᠢᠳᠡᠭᠵᠢᠭᠦᠯᠬᠦ | ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠶ ᠲᠠᠢ ᠨᠢᠭᠲᠠ ᠬᠤᠯᠪᠣᠭ᠎ᠠ ᠪᠦᠬᠦᠢ ᠰᠢᠭᠤᠳ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠠᠬᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢ ᠵᠦᠢ ᠵᠣᠬᠢᠰᠲᠠᠶ ᠪᠥᠭᠡᠳ ᠲᠡᠩᠴᠡᠭᠦᠷᠢᠲᠡᠶ | ᠬᠢᠷᠢ ᠲᠦᠪᠰᠢᠨ ᠳᠤ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ | ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠶ ᠲᠦᠷᠦ ᠶᠢᠨ ᠪᠤᠳᠤᠯᠭ᠎ᠠ ᠶᠢᠨ ᠪᠣᠷᠣ ᠲᠥᠰᠥᠪ ᠢ ᠲᠡᠭᠦᠯᠳᠡᠷᠵᠢᠭᠦᠯᠵᠦ᠂ | ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠰᠢᠨᠵᠢᠯᠡᠬᠦ᠂ ᠦᠨᠡᠯᠡᠨ ᠵᠢᠱᠢᠬᠦ ᠪᠠ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠦ ᠲᠣᠭᠲᠠᠭᠠᠪᠠ᠃ | | ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠬᠢᠯᠢ ᠠᠯᠤᠰᠯᠠᠭᠰᠠᠨ | ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠪᠠᠷ ᠳᠠᠮᠵᠢᠭᠤᠯᠵᠤ᠂ ᠪᠦᠬᠦ ᠤᠯᠤᠰ ᠤᠨ ᠭᠠᠳᠠᠭᠠᠳᠤ ᠣᠷᠣᠭᠤᠯᠤᠯᠲᠠ᠂ ᠭᠠᠳᠠᠭᠠᠳᠤ | ᠭᠠᠷᠭᠠᠯᠲᠠ ᠶᠢᠨ ᠪᠦᠬᠦᠯᠢ ᠴᠣᠭᠴᠠ ᠶᠢᠨ ᠪᠣᠭᠤᠮᠲᠠ ᠥᠩᠭᠡᠷᠡᠬᠦ ᠴᠠᠭ ᠢ 2017 ᠣᠨ ᠤ ᠬᠢ ᠠᠴᠠ ᠲᠤᠰ ᠲᠤᠰ | 60%᠂ 80% ᠠᠴᠠ ᠳᠡᠭᠡᠭᠰᠢ ᠪᠣᠭᠤᠨᠢᠰᠬᠠᠪᠠ ᠭᠡᠵᠡᠢ᠃ ᠬᠤᠷᠠᠯ ᠠᠴᠠ᠂ ᠳᠠᠷᠠᠭᠠᠴᠢ ᠶᠢᠨ ᠠᠯᠬᠤᠮ ᠳᠤ᠂ | ᠢᠯᠠᠩᠭᠤᠶ᠎ᠠ ᠳᠣᠣᠷ᠎ᠠ ᠬᠠᠭᠠᠰ ᠵᠢᠯ ᠤᠨ ᠳᠡᠯᠡᠬᠡᠢ ᠶᠢᠨ ᠪᠠᠶᠢᠳᠠᠯ ᠪᠣᠯᠤᠨ ᠣᠷᠴᠢᠨ ᠲᠣᠭᠤᠷᠢᠨ ᠤ ᠬᠤᠪᠢᠷᠠᠯᠲᠠ ᠳᠤ | ᠴᠢᠭᠯᠡᠭᠦᠯᠦᠨ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠬᠦ ᠶᠢᠨ ᠬᠠᠮᠲᠤ᠂ ᠬᠢᠯᠢ ᠶᠢᠨ ᠪᠣᠭᠤᠮᠲᠠ ᠪᠠᠷ ᠥᠩᠭᠡᠷᠡᠭᠡᠬᠦ ᠳᠥᠭᠦᠮᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ ᠶᠢᠨ | ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠪᠣᠭᠤᠮᠲᠠ ᠪᠠᠷ ᠥᠩᠭᠡᠷᠡᠭᠦᠯᠬᠦ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠠᠳᠠᠭᠠᠳᠤ ᠳᠤ ᠭᠠᠷᠭᠠᠬᠤ ᠪᠠᠷᠠᠭ᠎ᠠ ᠶᠢ ︽ | ᠭᠠᠷᠠᠮ ᠳᠤ ᠬᠦᠷᠭᠡᠵᠦ ᠰᠢᠭᠤᠳ ᠲᠡᠭᠡᠭᠡᠪᠦᠷᠢᠯᠡᠬᠦ︾ ᠪᠠ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ ︽ | ᠣᠩᠭᠤᠴᠠᠨ ᠤ ᠬᠠᠵᠠᠭᠤ ᠠᠴᠠ ᠰᠢᠭᠤᠳ ᠠᠪᠬᠤ︾ ᠲᠤᠷᠰᠢᠯᠲᠠ ᠶᠢᠨ ᠴᠡᠭ ᠢ ᠥᠷᠭᠡᠳᠬᠡᠬᠦ ᠬᠡᠷᠡᠭᠲᠡᠢ᠃ ᠭᠠᠳᠠᠭᠠᠳᠤ | ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠡᠨᠡ ᠵᠢᠯ ᠤᠨ | ᠰᠡᠭᠦᠯᠴᠢ ᠠᠴᠠ ᠡᠮᠦᠨ᠎ᠡ ᠭᠠᠶᠢᠯᠢ ᠶᠢ ᠪᠤᠴᠠᠭᠠᠬᠤ ᠵᠦᠢᠯᠡᠰ ᠢ ᠭᠦᠢᠴᠡᠳᠬᠡᠬᠦ ᠳᠤᠮᠳᠠᠴᠢ ᠴᠠᠭ ᠢ 7 ᠠᠵᠢᠯᠯᠠᠬᠤ | ᠡᠳᠦᠷ ᠤᠨ ᠳᠣᠲᠣᠷ᠎ᠠ ᠪᠣᠯᠲᠠᠯ᠎ᠠ ᠪᠣᠭᠤᠨᠢᠰᠬᠠᠬᠤ ᠬᠡᠷᠡᠭᠲᠡᠢ᠃ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ ᠭᠠᠷᠭᠠᠭᠰᠠᠨ | ᠪᠠᠷᠠᠭ᠎ᠠ ᠶᠢ ᠪᠤᠴᠠᠭᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ︽ᠣᠷᠣᠨ ᠪᠦᠰᠡ ᠶᠢᠨ ᠪᠦᠬᠦ | ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠠᠬᠢ ᠠᠷᠠᠯᠵᠢᠶ᠎ᠠ ᠶᠢ ᠳᠥᠭᠦᠮᠴᠢᠯᠡᠬᠦ | ᠠᠷᠭ᠎ᠠ ᠬᠡᠮᠵᠢᠶ᠎ᠡ ᠯᠦᠭᠡ ᠶᠢᠨ ᠵᠣᠯᠭᠠᠯᠳᠤᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠢ ᠤᠯᠠᠮ ᠨᠢᠭᠡ ᠠᠯᠬᠤᠮ ᠪᠠᠭᠤᠷᠠᠭᠤᠯᠬᠤ | ᠬᠡᠷᠡᠭᠲᠡᠢ᠃ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢ ᠢᠯᠡ ᠨᠡᠶᠢᠲᠡᠯᠡᠬᠦ | ᠲᠦᠷᠢᠮ ᠢ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ ᠰᠦᠢᠳᠬᠡᠯ ᠬᠤᠷᠢᠶᠠᠵᠤ ᠪᠣᠯᠬᠤ ᠥᠬᠡᠶ᠃ | ᠳᠠᠯᠠᠢ ᠳᠠᠭᠠᠤ ᠭᠠᠷᠠᠮ ᠤᠨ ᠠᠶᠠᠯᠠᠯ ᠵᠠᠮᠴᠢᠯᠠᠬᠤ ᠵᠠᠷᠤᠳᠠᠯ ᠤᠨ ᠪᠠᠷᠢᠮᠵᠢᠶ᠎ᠠ ᠶᠢ ᠪᠠᠭᠤᠷᠠᠭᠤᠯᠬᠤ ᠬᠡᠷᠡᠭᠲᠡᠢ᠃ | ᠭᠤᠷᠪᠠ ᠳᠤ᠂ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠢ᠃ ᠠᠭᠠᠷ ᠤᠨ ᠠᠶᠠᠯᠠᠯ ᠤᠨ ᠬᠢᠯᠢ ᠶᠢᠨ ᠪᠣᠭᠤᠮᠲᠠ ᠶᠢᠨ ᠬᠤᠪᠢᠶᠠᠷᠢᠯᠠᠨ ᠰᠠᠯᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠰᠤᠨ ᠵᠠᠮ ᠤᠨ ᠲᠡᠭᠡᠭᠡᠪᠦᠷᠢ ᠠᠴᠠ ᠲᠡᠮᠦᠷ ᠵᠠᠮ ᠤᠨ ᠲᠡᠭᠡᠭᠡᠪᠦᠷᠢ ᠳᠤ | ᠰᠢᠯᠵᠢᠭᠦᠯᠬᠦ ᠪᠠᠷᠠᠭ᠎ᠠ ᠳᠤ᠂ ︽ᠲᠡᠷᠭᠡ ᠣᠩᠭᠤᠴᠠ ᠠᠴᠠ ᠰᠢᠭᠤᠳ ᠠᠪᠬᠤ︾ ᠵᠠᠭᠪᠤᠷ ᠢ ᠰᠦᠪᠡᠭᠴᠢᠯᠡᠨ | ᠬᠡᠷᠡᠭᠵᠢᠭᠦᠯᠬᠦ ᠬᠡᠷᠡᠭᠲᠡᠢ᠃ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ ᠭᠡᠵᠦ ᠲᠣᠭᠲᠠᠭᠠᠪᠠ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |