ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠦᠭᠴᠤ | ᠱᠠᠭᠠᠷᠳᠠᠭᠰᠠᠨ ᠨᠢ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ | ᠠᠷᠭ᠎ᠠ ᠬᠡᠮᠵᠢᠶ᠎ᠠ ᠶᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ | | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ | ᠠᠵᠢᠯ ᠳᠤ ᠴᠢᠬᠤᠯᠠ ᠵᠢᠭᠠᠪᠤᠷᠢ ᠥᠭᠴᠡᠢ᠃ | | ᠰᠢ ᠶᠢᠨ ᠫᠢᠩ᠂ ᠤᠢᠢᠷ᠎ᠠ ᠶᠢᠨ ᠡᠳᠦᠷ᠂ ᠾᠧᠨᠠᠨ ᠵᠡᠷᠭᠡ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠨ | ᠣᠷᠣᠵᠤ᠂ ᠵᠧᠩᠵᠧᠦ ᠵᠡᠷᠭᠡ ᠬᠤᠳᠠ ᠳᠤ ᠬᠦᠨᠳᠦ ᠨᠣᠴᠢᠲᠠᠢ ᠤᠰᠤᠲᠤᠯ ᠡᠭᠦᠰᠴᠦ᠂ ᠵᠠᠷᠢᠮ ᠭᠤᠣᠯ ᠮᠥᠷᠡᠨ ᠨᠢ | ᠲᠦᠭᠰᠢᠬᠦᠷᠢ ᠡᠬᠦᠰᠴᠤ ᠮᠡᠳᠡᠬᠦ ᠤᠰᠤᠨ ᠲᠦᠪᠰᠢᠨ ᠤ ᠬᠡᠮᠵᠢᠶ᠎ᠠ ᠠᠴᠠ ᠳᠠᠪᠠᠵᠤ᠂ ᠵᠠᠷᠢᠮ ᠤᠰᠤᠨ ᠴᠥᠭᠦᠷᠥᠮ ᠤᠨ | ᠬᠠᠰᠢᠯᠭ᠎ᠠ ᠰᠠᠳᠠᠷᠠᠵᠦ᠂ ᠬᠡᠰᠡᠭ ᠲᠡᠮᠦᠷ ᠵᠠᠮ ᠤᠨ ᠲᠡᠭᠡᠭᠡᠪᠦᠷᠢ ᠵᠣᠭᠰᠣᠵᠤ᠂ ᠵᠢᠰᠢᠶᠠᠨ ᠤ ᠨᠢᠰᠬᠡᠯ ᠨᠢᠰᠬᠦ ᠪᠠᠨ | ᠵᠣᠭᠰᠣᠵᠤ᠂ ᠬᠥᠮᠦᠨ ᠤ ᠦᠬᠦᠯ ᠰᠢᠷᠬᠠᠳᠤᠯ ᠪᠠ ᠡᠳ᠋ ᠬᠦᠷᠦᠩᠭᠡ ᠶᠢᠨ ᠬᠦᠨᠳᠦ ᠨᠤᠴᠢᠳᠠᠢ ᠬᠤᠬᠢᠷᠠᠯ ᠡᠭᠦᠰᠴᠤ᠂ | ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠨ᠎ᠠ ᠭᠡᠵᠤ ᠵᠢᠭᠠᠵᠤ ᠭᠠᠷᠭᠠᠪᠠ᠃ | | ᠰᠢ ᠶᠢᠨ ᠫᠢᠩ ᠣᠳᠣᠬᠠᠨ ᠳᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠤ᠂ | ᠡᠮᠦᠨ᠎ᠠ ᠹᠷᠤᠨᠲ ᠲᠤ ᠬᠦᠷᠴᠦ ᠵᠢᠯᠣᠭᠤᠳᠤᠨ᠂ ᠳᠠᠷᠤᠶ ᠲᠦᠷᠭᠡᠨ ᠬᠦᠴᠦᠨ ᠢᠶᠠᠨ ᠵᠣᠬᠢᠶᠠᠨ ᠪᠠᠶᠢᠭᠤᠯᠤᠨ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠨ᠂ ᠭᠠᠮᠰᠢᠭᠳᠠᠭᠰᠠᠨ ᠣᠯᠠᠨ ᠲᠦᠮᠡᠨ ᠢ ᠵᠤᠬᠢᠰᠳᠠᠢ ᠲᠥᠪᠬᠢᠨᠡᠭᠦᠯᠵᠦ᠂ | ᠳᠠᠭᠠᠯᠳᠤᠨ ᠡᠭᠦᠰᠬᠦ ᠭᠠᠮᠰᠢᠭ ᠠᠴᠠ ᠴᠢᠩᠭ᠎ᠠ ᠰᠡᠷᠭᠡᠶᠢᠯᠡᠵᠦ᠂ ᠬᠥᠮᠦᠨ ᠤ ᠦᠬᠦᠯ ᠰᠢᠷᠬᠠᠲᠤᠯ ᠪᠠ ᠡᠳ᠋ | ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠴᠢᠯᠥᠭᠡᠯᠡᠬᠦ ᠴᠡᠷᠢᠭ ᠪᠣᠯᠤᠨ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠣᠷᠣᠨ ᠨᠤᠲᠤᠭ ᠢ ᠢᠳᠡᠪᠬᠢᠲᠡᠢ ᠬᠠᠮᠵᠢᠨ ᠠᠶᠤᠯ ᠭᠠᠮᠰᠢᠭ ᠠᠴᠠ | ᠠᠪᠤᠷᠠᠬᠤ ᠠᠵᠢᠯ ᠢ ᠥᠷᠨᠢᠭᠦᠯᠬᠦ ᠬᠡᠷᠡᠭᠲᠡᠢ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ | ᠤᠰᠤᠨ ᠠᠰᠢᠬᠯᠠᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠠᠶᠤᠯ ᠭᠠᠮᠰᠢᠭ ᠤᠨ ᠬᠡᠮ ᠰᠣᠭᠤᠭ ᠢ ᠲᠣᠭᠤᠷᠢᠨ ᠪᠠᠶᠢᠴᠠᠭᠠᠵᠤ ᠵᠢᠬᠰᠠᠭᠠᠨ | ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ | ᠴᠢᠩᠭᠠᠳᠬᠠᠵᠤ᠂ ᠪᠣᠷᠣᠭᠠᠨ᠂ ᠲᠠᠶᠢᠹᠧᠩ ᠰᠠᠯᠬᠢ᠂ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ ᠵᠡᠷᠭᠡ ᠶᠢ | ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠶᠢ | ᠰᠢᠯᠤᠭᠤᠳᠬᠠᠬᠤ ᠡᠷᠴᠢᠮ ᠢᠶᠠᠨ ᠴᠢᠩᠭᠠᠷᠠᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ | ᠵᠦᠢᠯ ᠤᠨ ᠠᠷᠭ᠎ᠠ ᠬᠡᠮᠵᠢᠶ᠎ᠠ ᠶᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ ᠭᠡᠵᠤ ᠴᠢᠬᠤᠯᠠᠴᠢᠯᠠᠪᠠ᠃ | | ᠰᠢ ᠶᠢᠨ ᠫᠢᠩ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢᠨ ᠵᠡᠷᠭᠡ ᠪᠠᠷ ᠦᠢᠯᠡᠳᠪᠦᠷᠢᠯᠡᠯ ᠠᠮᠢᠳᠤᠷᠠᠯ ᠤᠨ | ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠲᠡᠳᠭᠦᠵᠤ | ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ | ᠂ ᠭᠠᠮᠰᠢᠭ ᠠᠴᠠ ᠪᠤᠯᠵᠤ ᠲᠠᠬᠢᠨ ᠶᠠᠳᠠᠭᠤᠷᠠᠬᠤ ᠪᠠ ᠶᠡᠭᠡ ᠭᠠᠮᠰᠢᠭ ᠤᠨ ᠳᠠᠷᠠᠭ᠎ᠠ ᠬᠢᠵᠢᠭ ᠶᠡᠭᠡ ᠪᠠᠷ ᠳᠡᠯᠭᠡᠷᠡᠬᠦ ᠶᠢ | ᠰᠡᠷᠭᠡᠶᠢᠯᠡᠬᠦ ᠬᠡᠷᠡᠭᠲᠡᠢ ᠭᠡᠵᠤ ᠱᠠᠭᠠᠷᠳᠠᠵᠠᠢ᠃ |