ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ | ᠬᠤᠷᠠᠯ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ | | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ | ᠬᠤᠷᠠᠯ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ ᠰᠢ ᠶᠢᠨ ᠫᠢᠩ ᠴᠢᠬᠤᠯᠠ | ᠶᠠᠷᠢᠶ᠎ᠠ ᠲᠠᠯᠪᠢᠵᠤ ᠴᠢᠬᠤᠯᠠᠴᠢᠯᠠᠬᠰᠠᠨ ᠨᠢ | | ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ ᠤᠯᠤᠰ ᠤᠨ | ᠡᠪ ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ | ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ | ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ | ᠲᠦᠮᠡᠨ ᠳᠡᠭᠡᠨ ᠣᠰᠣᠯᠳᠠᠬᠤ ᠦᠭᠡᠢ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ | ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃ | ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ | ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ | ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠶᠢᠨ ᠬᠡᠪ | ᠴᠢᠨᠠᠷ ᠢ ᠳᠠᠪᠲᠠᠨ ᠪᠣᠯᠪᠠᠰᠤᠷᠠᠭᠤᠯᠪᠠ᠃ ᠲᠡᠦᠬᠡ ᠶᠢᠨ ᠤᠷᠤᠰᠬᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ ᠶᠢᠨ | ᠦᠶ᠎ᠡ ᠳᠤ ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ | ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ | ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ | | ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ | ᠵᠧᠩ ᠸᠠᠩ ᠴᠢ ᠱᠠᠨ ᠬᠤ᠋ ᠶᠢᠨ ᠲᠤᠤ ᠣᠷᠣᠯᠴᠠᠵᠠᠢ | | | ᠵᠠᠭᠤᠨ ᠵᠢᠯ ᠤᠨ ᠠᠶᠠᠨ ᠰᠦᠷ ᠳᠠᠯᠠᠶᠢᠴᠠᠲᠠᠢ ᠶᠠᠪᠤᠭᠳᠠᠵᠤ᠂ ᠵᠠᠭᠤᠨ ᠵᠢᠯ ᠤᠨ ᠤᠬ ᠰᠠᠨᠠᠭ᠎ᠠ ᠶᠠᠪᠤᠬᠤ | ᠲᠤᠳᠤᠮ ᠪᠠᠬᠢᠵᠢᠪᠡ᠃ 7 ᠰᠠᠷ᠎ᠠ ᠶᠢᠨ 1 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ | ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠡᠯ᠎ᠡ ᠡᠲᠡᠭᠡᠳ ᠤᠨ ᠲᠥᠯᠥᠭᠡᠯᠡᠭᠴᠢ 7 ᠲᠦᠮᠡ ᠭᠠᠷᠤᠶ ᠬᠥᠮᠦᠨ | ᠦᠪᠡᠳᠡᠭᠰᠢ ᠶᠡᠭᠡ ᠶᠣᠰᠣᠯᠠᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠵᠠᠭᠤᠨ ᠵᠢᠯ ᠤᠨ ᠣᠶ ᠶᠢ | ᠪᠠᠶᠠᠷᠯᠠᠨ ᠪᠡᠯᠭᠡᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠤ᠂ ᠲᠡᠦᠬᠡ ᠳᠤ | ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ ᠤᠯᠤᠰ ᠤᠨ ᠡᠪ | ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠤ ᠳᠠᠬᠢᠨ ᠮᠤᠷᠳᠠᠯ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠤᠨ ᠤ ᠠᠭᠤᠤ ᠦᠢᠯᠡᠰ ᠤᠨ ᠲᠦᠯᠦᠭᠡ | ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ ᠲᠠᠢ ᠴᠠᠬ ᠦᠶ᠎ᠡ ᠮᠦᠨ᠃ | ᠥᠩᠭᠡᠷᠡᠭᠰᠡᠨ ᠢᠶᠠᠨ ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠ | ᠪᠦᠯᠬᠦᠮᠳᠡᠯ ᠪᠠᠶᠢᠬᠰᠠᠨ ᠴᠠᠭ ᠲᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ ᠬᠡᠵᠥ ᠴᠢᠬᠤᠯᠠᠴᠢᠯᠠᠪᠠ᠃ | 7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ | ᠶᠡᠭᠡ ᠪᠠᠷ ᠶᠠᠪᠤᠭᠳᠠᠪᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠭᠦᠯᠡᠭᠴᠢ᠂ | ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠳᠠᠯᠪᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠸᠡᠭ ᠰᠡᠭᠦᠳᠡᠷᠯᠡᠪᠡ | ᠰᠢ ᠶᠢᠨ ᠫᠢᠩ ᠨᠠᠮ ᠪᠣᠯᠤᠨ ᠠᠷᠠᠳ ᠲᠦᠮᠡᠨ ᠢ ᠲᠦᠯᠦᠭᠡᠯᠡᠨ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠲᠠᠮᠵᠢᠵᠦ᠂ ᠪᠢᠳᠡ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ | ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ | ᠤᠷᠤᠭᠰᠢᠯᠠᠵᠤ ᠪᠠᠶᠢᠨ᠎ᠠ᠃ ᠡᠨᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠢᠷᠠᠭᠤ ᠠᠯᠳᠠᠷ ᠮᠥᠨ᠂ | ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠢᠷᠠᠭᠤ ᠠᠯᠳᠠᠷ ᠮᠥᠨ᠂ ᠡᠨᠡ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠢᠷᠠᠭᠤ ᠠᠯᠳᠠᠷ ᠮᠥᠨ ᠭᠡᠵᠦ ᠲᠥᠪ ᠴᠢᠩᠭ᠎ᠠ ᠪᠠᠷ ᠲᠤᠩᠬᠠᠭᠯᠠᠪᠠ᠃ | | ᠨᠠᠮ ᠤᠨ ᠲᠥᠪ ᠬᠤᠷᠢᠶᠠᠨ ᠤ ᠤᠯᠣᠰ ᠳᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ | ᠴᠢᠶᠠᠩ ᠪᠡᠯᠬᠡᠯᠡᠬᠦ ᠶᠡᠭᠡ ᠬᠤᠷᠠᠯ ᠢ ᠡᠷᠬᠢᠯᠡᠪᠡ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ | ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠣᠷᠣᠯᠴᠠᠪᠠ᠃ | ᠬᠤᠪᠢᠯᠭᠠᠨ ᠣᠷᠣᠨ ᠤ ᠡᠬᠡ ᠭᠠᠵᠠᠷ ᠴᠡᠴᠡᠭᠯᠡᠨ ᠬᠥᠭᠵᠢᠵᠦ᠂ ᠲᠦᠮᠡᠨ ᠦᠵᠡᠮᠵᠢ ᠪᠦᠷᠢᠳᠦᠨ᠂ ᠨᠡᠶᠢᠰᠯᠡᠯ | ᠪᠡᠭᠡᠵᠢᠩ ᠳᠤ ᠬᠤᠸᠠᠷ ᠴᠡᠴᠡᠭ ᠮᠢᠷᠠᠯᠵᠠᠨ ᠳᠡᠯᠭᠡᠷᠡᠵᠥ ᠳᠤᠬ ᠳᠠᠯᠪᠠᠭ᠎ᠠ ᠨᠠᠮᠢᠷᠠᠨ᠎ᠠ᠃ ᠠᠭᠤᠤ ᠶᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠤᠢᠢᠷ᠎ᠠ ᠦᠶ᠎ᠡ ᠠᠴᠠ ᠨᠠᠭᠠᠰᠢ ᠤᠷᠳᠤ | ᠬᠤᠭᠤᠴᠠᠭ᠎ᠠ ᠪᠠᠷ ᠬᠠᠯᠠ ᠵᠣᠪᠠᠯᠠᠩ ᠠᠮᠰᠠᠭᠰᠠᠨ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ | ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ 14 | ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠴᠤᠬ ᠵᠤᠯᠢ ᠪᠠᠳᠠᠷᠠᠩᠭᠤᠢ ᠪᠠᠷ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠰᠦᠷ ᠵᠢᠪᠬᠤᠯᠠᠩᠲᠤ ᠠᠶᠠᠨ ᠵᠠᠮ ᠢᠶᠠᠷ | ᠵᠠᠮᠨᠠᠪᠠ᠃ | 7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ | ᠶᠡᠭᠡ ᠪᠠᠷ ᠶᠠᠪᠤᠭᠳᠠᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠣ᠋ ᠨᠢᠩ᠂ | ᠵᠤᠤ ᠯᠧ ᠵᠢᠢ᠂ ᠬᠠᠨ ᠵᠧᠩ᠂ ᠸᠠᠩ ᠴᠢ ᠱᠠᠨ᠂ ᠬᠣ᠋ ᠶᠢᠨ ᠳᠤᠤ ᠨᠠᠷ ᠶᠡᠭᠡ ᠬᠤᠷᠠᠯ ᠳᠤ ᠤᠷᠤᠯᠴᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠦᠸᠧ ᠬᠦ᠋ ᠰᠡᠭᠦᠳᠡᠷᠯᠡᠪᠡ | ᠲᠢᠶᠠᠨ ᠠᠨ ᠮᠧᠨ ᠠᠰᠠᠷ ᠳᠦᠪ ᠶᠡᠬᠡᠮᠰᠦᠭ ᠰᠦᠷ ᠵᠢᠪᠬᠤᠯᠠᠩᠲᠠᠶ ᠪᠠᠶᠢᠵᠥ᠂ ᠠᠰᠠᠷ ᠤᠨ ᠤᠯᠠᠭᠠᠨ | ᠬᠡᠷᠡᠮ ᠤᠨ ᠲᠦᠪ ᠳᠤᠮᠳᠠ ᠮᠠᠤ ᠽᠧ ᠳ᠋ᠦᠩ ᠤᠨ ᠪᠤᠳᠤᠭᠳᠤ ᠲᠣᠮᠣ ᠵᠢᠷᠤᠮᠡᠯ ᠬᠥᠷᠥᠭ ᠢ ᠡᠯᠭᠦᠵᠡᠶ᠃ ᠲᠢᠶᠠᠨ ᠠᠨ | ᠮᠧᠨ ᠠᠭᠤᠳᠠᠮ ᠲᠠᠯᠠᠪᠠᠢ ᠳᠤ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦ᠋ᠢᠨ ᠰᠦᠨᠳᠡᠷᠯᠡᠨ᠎ᠡ | ᠃ ᠳᠤᠷᠠᠰᠬᠠᠯ ᠤᠨ ᠬᠥᠰᠢᠶ᠎ᠡ ᠶᠢᠨ ᠬᠤᠶᠢᠲᠤ ᠲᠠᠯ᠎ᠠ ᠳᠤ᠂ 7.1 ᠮᠧᠲᠷ ᠥᠨᠳᠥᠷ᠂ 7.1 ᠮᠧᠲᠷ ᠥᠷᠭᠡᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠦᠯᠳᠡ ᠪᠣᠯᠤᠨ ︽1921︾ ︽2021︾ ᠭᠡᠬᠦ | ᠳᠡᠮᠳᠡᠭ ᠦᠰᠦᠭ ᠣᠨᠴᠠ ᠶᠢᠨ ᠢᠯᠡ ᠲᠠᠢ ᠬᠠᠷᠠᠭᠳᠠᠨ᠎ᠠ᠃ ᠠᠭᠤᠳᠠᠮ ᠲᠠᠯᠠᠪᠠᠢ ᠶᠢᠨ ᠵᠡᠭᠦᠨ ᠪᠠᠷᠠᠭᠤᠨ ᠬᠤᠶᠠᠷ | ᠲᠠᠯ᠎ᠠ ᠳᠤ᠂ 100 ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃ | ᠣᠭᠲᠠᠷᠭᠤᠢ ᠠᠴᠠ ᠪᠠᠷᠠᠯᠠᠬᠤᠶ᠎ᠠ᠂ ᠲᠢᠶᠠᠨ ᠠᠨ ᠮᠧᠨ ᠠᠭᠤᠳᠠᠮ ᠲᠠᠯᠠᠪᠠᠢ ᠶᠢᠨ ︽ᠲᠤᠮᠤ ᠬᠥᠯᠭᠡ | ᠤᠩᠭᠤᠴᠠ ᠠᠶᠠᠯᠠᠯ ᠢᠶᠠᠨ ᠡᠬᠢᠯᠡᠭᠦᠯᠤᠯ᠎ᠠ︾ ᠭᠡᠬᠦ ᠳᠦᠷᠰᠦ ᠪᠦᠲᠦᠭᠡᠯᠲᠡ ᠠᠤᠭ᠎ᠠ ᠰᠦᠷᠯᠢᠭ ᠬᠠᠷᠠᠬᠳᠠᠵᠤ᠂ ᠶᠠᠭ | ᠰᠠᠯᠬᠢ ᠳᠠᠪᠠᠯᠭᠠᠨ ᠢ ᠵᠦᠰᠦᠨ ᠳᠠᠷᠪᠠᠭᠤᠯ ᠬᠡᠶᠢᠰᠬᠡᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠷᠡᠯ ᠰᠠᠴᠤᠷᠠᠩᠭᠤᠢ ᠢᠷᠡᠭᠡᠳᠦᠢ ᠵᠦᠭ ᠤᠷᠤᠭᠰᠢᠯᠠᠨ᠎ᠠ᠃ | | ︽ᠨᠤᠳᠤᠭ ᠤᠨ ᠳᠠᠭᠤᠤ ᠪᠠᠨ ᠨᠠᠮ ᠳᠠᠭᠠᠨ ᠡᠷᠬᠦᠶ᠎ᠠ︾ ︽ᠰᠠᠷᠠᠭᠤᠯ ᠳᠠᠷᠳᠠᠩ ᠵᠠᠮ ᠢᠶᠠᠷ ᠤᠷᠤᠭᠰᠢᠯᠠᠨᠡᠮ︾ | ︽ᠰᠢᠨ᠎ᠡ ᠶᠢᠷᠲᠢᠨᠴᠦ︾ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾ ᠁ ᠪᠡᠯᠭᠡᠯᠡᠬᠦ | ᠶᠡᠭᠡ ᠬᠤᠷᠠᠯ ᠡᠬᠢᠯᠡᠬᠦ ᠠᠴᠠ ᠡᠮᠦᠨ᠎ᠡ᠂ ᠲᠠᠯᠠᠪᠠᠢ ᠳᠠᠶᠠᠭᠠᠷ ᠢᠶᠠᠨ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠭᠰᠠᠨ | ᠰᠣᠩᠭᠤᠳᠠᠭ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠨᠠᠮ ᠳᠠᠭᠠᠨ ᠬᠠᠶᠢᠷᠠᠲᠠᠢ ᠪᠠᠶᠢᠬᠤ ᠰᠡᠳᠬᠢᠯᠬᠡ ᠪᠠᠨ | ᠢᠯᠡᠳᠬᠡᠭᠰᠡᠨ ᠪᠠ ᠬᠦᠰᠡᠯ ᠵᠥᠩᠨᠡᠯ ᠢᠶᠠᠨ ᠳᠡᠪᠰᠢᠭᠦᠯᠪᠡ᠃ | ᠦᠳᠡ ᠶᠢᠨ ᠡᠮᠦᠨᠡᠬᠢ 7 ᠴᠠᠭ 53 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ | ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠲᠢᠶᠠᠨ ᠠᠨ ᠮᠧᠨ ᠠᠰᠠᠷ ᠤᠨ | ᠲᠡᠷᠢᠭᠦᠯᠡᠭᠴᠢ ᠶᠢᠨ ᠲᠠᠶᠢᠰᠠᠨ ᠳᠤ ᠬᠦᠷᠴᠤ ᠢᠷᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠡᠷᠡᠯᠬᠡᠭ ᠪᠦᠷᠬᠦᠳ ᠵᠢᠬᠦᠷ ᠳᠡᠯᠭᠡᠨ ᠤᠭᠳᠠᠷᠭᠤᠢ ᠳᠤ ᠳᠡᠬᠦᠯᠢᠨᠠ᠃ 7 ᠴᠠᠭ 55 ᠮᠢᠨᠦ᠋ᠲ ᠤᠨ ᠦᠶ᠎ᠡ ᠪᠠᠷ | ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 71 ᠪᠠᠶᠢᠯᠳᠤᠭᠠᠨ ᠤ ᠨᠢᠰᠬᠡᠯ ᠲᠢᠶᠠᠨ ᠠᠨ ᠮᠧᠨ | ᠠᠭᠤᠳᠠᠮ ᠲᠠᠯᠠᠪᠠᠢ ᠶᠢ ᠴᠢᠭᠯᠡᠨ ᠨᠢᠰᠴᠤ᠂ ᠨᠠᠮ ᠳᠠᠭᠠᠨ ᠬᠦᠨᠳᠦᠳᠬᠡᠯ ᠳᠡᠪᠰᠢᠭᠦᠯᠵᠦ᠂ ᠡᠬᠡ ᠤᠯᠤᠰ ᠲᠠᠭᠠᠨ | ᠬᠦᠨᠳᠦᠳᠬᠡᠯ ᠳᠡᠪᠰᠢᠭᠦᠯᠵᠦ᠂ ᠠᠷᠠᠳ ᠲᠦᠮᠡᠨ ᠳᠡᠭᠡᠨ ᠬᠦᠨᠳᠦᠳᠬᠡᠯ ᠳᠡᠪᠰᠢᠭᠦᠯᠪᠡ᠃ ᠲᠤᠭ ᠬᠠᠮᠠᠭᠠᠯᠠᠬᠤ | ᠠᠭᠠᠷ ᠤᠨ ᠱᠠᠲᠤᠯᠵᠢᠨ ᠠᠩᠬᠢ ᠶᠢᠨ ᠬᠢᠨ ᠨᠢᠰᠦᠯᠲᠡ ᠶᠢᠨ ᠲᠣᠭᠯᠠᠯᠲᠠ ᠶᠢᠨ ᠬᠥᠰᠢᠭᠡ ᠶᠢ ᠰᠡᠬᠦᠵᠦ᠂ 5 ᠡᠭᠴᠡ | ᠪᠤᠰᠬᠤ ᠨᠢᠰᠬᠡᠯ ᠲᠤᠰ ᠲᠤᠰ ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠭ ᠪᠤᠯᠤᠨ ︽ᠠᠭᠤᠤ | ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠢ︾ ︽ᠠᠭᠤᠤ ᠶᠡᠭᠡ ᠳᠤᠮᠳᠠᠳᠤ ᠤᠯᠤᠰ ᠤᠨ ᠠᠷᠠᠳ | ᠲᠦᠮᠡᠨ ᠮᠠᠨᠳᠤᠲᠤᠭᠠᠢ︾ ︽ᠠᠭᠤᠤ ᠶᠡᠭᠡ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠮᠠᠨᠳᠤᠲᠤᠭᠠᠢ︾ ︽ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠮᠠᠨᠳᠤᠲᠤᠭᠠᠢ︾ ᠭᠡᠮᠡᠬᠦ | ᠪᠢᠴᠢᠭᠡᠰᠦ ᠶᠢ ᠡᠯᠭᠦᠵᠦ ᠠᠶᠠᠷᠬᠠᠨ ᠤᠷᠤᠭᠰᠢᠯᠠᠨ᠎ᠠ᠃ ᠵᠠᠯᠭᠠᠭᠠᠳ᠂ ᠡᠭᠴᠡ ᠪᠤᠰᠬᠤ ᠨᠢᠰᠬᠡᠯ᠂ ᠪᠠᠶᠢᠯᠳᠤᠭᠠᠨ ᠤ | ᠨᠢᠰᠬᠡᠯ ᠲᠤᠰ ᠪᠦᠷᠢ ︽100︾ ︽71︾ ᠭᠡᠬᠦ ᠦᠰᠦᠭ ᠢ ᠪᠦᠷᠢᠯᠳᠦᠭᠦᠯᠦᠨ ᠤᠬᠳᠠᠷᠭᠤᠢ ᠪᠠᠷ ᠨᠢᠰᠤᠨ | ᠦᠩᠭᠡᠷᠡᠵᠦ᠂ 15 ︽ᠰᠥᠨᠥᠭᠡᠭᠴᠢ — 20︾ ᠨᠢᠰᠬᠡᠯ 3 ᠱᠠᠲᠤᠯᠵᠢᠨ ᠠᠩᠬᠢ ᠪᠤᠯᠵᠦ ᠱᠤᠤᠬᠢᠨ ᠥᠩᠭᠡᠷᠡᠵᠦ | ᠂ ᠳᠠᠰᠬᠠᠯᠵᠢᠭᠤᠯᠤᠭᠴᠢ ᠨᠢᠰᠬᠡᠯ 10 ᠵᠤᠷᠪᠤᠰ ᠰᠤᠯᠤᠩᠭᠠᠨ ᠤᠳᠤᠭ᠎ᠠ ᠲᠠᠲᠠᠭᠤᠯᠤᠨ ᠦᠩᠬᠡᠷᠡᠨ᠎ᠡ᠂ ᠡᠳᠡᠭᠡᠷ | ᠭᠤᠶᠢᠳᠠ ᠰᠠᠶᠢᠬᠠᠨ ᠲᠣᠭᠯᠠᠯᠲᠠ ᠨᠤᠭᠤᠳ ᠨᠢ ᠦᠵᠡᠭᠴᠢᠳ ᠤᠨ ᠰᠡᠳᠬᠢᠯ ᠢ ᠬᠦᠭᠵᠢᠭᠡᠵᠦ ᠪᠠᠶᠢᠯ᠎ᠠ᠃ | ᠲᠢᠶᠠᠨ ᠠᠨ ᠮᠧᠨ ᠠᠭᠤᠳᠠᠮ ᠲᠠᠯᠠᠪᠠᠢ ᠳᠡᠭᠡᠷᠡᠬᠢ ᠲᠣᠮᠣ ᠬᠡᠯᠪᠡᠷᠢ ᠶᠢᠨ ᠡᠯᠧᠺᠲᠷᠣᠨ ᠳᠡᠯᠭᠡᠴᠡ ᠳᠤ | ᠳᠡᠭᠦᠵᠢᠩ ᠴᠠᠭ ᠤᠨ ᠵᠢᠷᠤᠭ ᠢᠯᠡᠷᠡᠪᠡ᠃ 1921᠂ 1931᠂ 1941 ᠁ 2021᠂ ᠴᠠᠭ ᠤᠨ | ᠳᠡᠭᠦᠵᠢᠩ ᠢ ᠳᠠᠭᠠᠯᠳᠤᠨ ᠣᠨ ᠤ ᠲᠤᠭ᠎ᠠ ᠲᠠᠷᠠᠭᠠᠯᠠᠨ ᠰᠤᠯᠢᠭᠳᠠᠨ᠎ᠠ᠃ 8 ᠴᠠᠭ ᠲᠤ᠂ ᠲᠤᠮᠤ ᠬᠥᠯᠭᠡ | ᠣᠩᠭᠤᠴᠠ ᠶᠢᠨ ᠠᠶᠠᠯᠠᠯ ᠡᠬᠢᠯᠡᠭᠰᠡᠨ ᠢ ᠪᠡᠯᠭᠡᠳᠡᠭᠰᠡᠨ ᠠᠭᠤᠷ ᠤᠨ ᠱᠤᠤᠭᠢᠯ ᠳᠤᠤᠭᠠᠷᠴᠤ᠂ ᠪᠡᠯᠭᠡᠯᠡᠬᠦ ᠶᠡᠭᠡ ᠬᠤᠷᠠᠯ | ᠡᠬᠢᠯᠡᠭᠰᠡᠨ ᠪᠠᠶᠢᠨ᠎ᠠ᠃ | ᠪᠦᠭᠦᠳᠡᠭᠡᠷ ᠢᠶᠠᠨ ᠲᠥᠪ ᠵᠣᠭᠰᠣᠵᠤ᠂ ᠶᠣᠰᠣᠯᠠᠯ ᠤᠨ ᠫᠤᠤ 100 ᠳᠤᠤᠭᠠᠷᠴᠤ ᠠᠭᠠᠷ ᠲᠡᠭᠷᠢ ᠶᠢ | ᠲᠤᠷᠭᠢᠭᠤᠯᠵᠤ᠂ ᠤᠯᠤᠰ ᠤᠨ ᠲᠤᠭ ᠢ ᠬᠠᠮᠠᠭᠠᠯᠠᠬᠤ ᠠᠩᠬᠢ ᠶᠢᠨ ᠳᠠᠷᠤᠭ᠎ᠠ ᠪᠠᠶᠢᠯᠳᠤᠭᠴᠢᠳ ᠲᠠᠪᠤᠨ ᠣᠳᠣᠲᠤ | ᠤᠯᠠᠭᠠᠨ ᠲᠤᠭ ᠢ ᠬᠠᠮᠠᠭᠠᠯᠠᠵᠤ᠂ ᠢᠳᠡᠷᠡᠭᠦᠨ ᠠᠯᠬᠤᠭ᠎ᠠ ᠪᠠᠷ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ | ᠬᠥᠰᠢᠶ᠎ᠡ ᠠᠴᠠ ᠠᠭᠤᠳᠠᠮ ᠲᠠᠯᠠᠪᠠᠢ ᠶᠢᠨ ᠬᠤᠶᠢᠲᠤ ᠲᠠᠯ᠎ᠠ ᠶᠢᠨ ᠲᠤᠭ ᠮᠠᠨᠳᠤᠭᠤᠯᠬᠤ ᠲᠤᠭᠤᠷᠢᠭ ᠲᠤ ᠬᠦᠷᠪᠡ᠃ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠬᠠᠮᠲᠤᠷᠠᠭᠰᠠᠨ ᠴᠡᠷᠢᠭ ᠤᠨ ᠬᠥᠭᠵᠢᠮ ᠤᠨ ᠠᠩᠬᠢ | ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ | ᠳᠠᠶᠠᠭᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ | ᠬᠠᠩᠭᠢᠨᠠᠲᠠᠯ᠎ᠠ ᠳᠠᠭᠤᠯᠠᠵᠤ᠂ ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ | ᠲᠢᠶᠠᠨ ᠠᠨ ᠮᠧᠨ ᠲᠠᠯᠠᠪᠠᠢ ᠶᠢᠨ ᠣᠭᠲᠠᠷᠭᠤᠢ ᠳᠤ ᠰᠠᠯᠬᠢᠨ ᠤ ᠠᠶ᠎ᠠ ᠪᠠᠷ ᠨᠠᠮᠢᠷᠠᠨ᠎ᠠ᠃ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ | ᠪᠦᠯᠦᠭ ᠤᠨ ᠪᠤᠰᠤ ᠬᠥᠮᠦᠰ ᠬᠠᠮᠲᠤᠷᠠᠨ ᠪᠠᠶᠠᠷ ᠤᠨ ᠦᠭᠡ ᠬᠡᠯᠡᠵᠦ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ | ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ ᠪᠠᠶᠠᠷ ᠤᠨ ᠦᠭᠡ ᠤᠩᠰᠢᠵᠤ᠂ ᠳᠤᠮᠳᠠᠳᠤ ᠤᠯᠤᠰ ᠤᠨ | ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠤᠨ ᠪᠠᠲᠤ ᠴᠢᠩᠭ᠎ᠠ ᠤᠳᠤᠷᠢᠳᠬᠤ | ᠭᠤᠣᠯᠯᠠᠭᠴᠢ — ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠳᠤ ᠬᠠᠮᠤᠭ ᠤᠨ ᠡᠷᠬᠢᠮ ᠳᠡᠭᠡᠳᠦ | ᠬᠦᠨᠳᠦᠳᠬᠡᠯ ᠪᠣᠯᠤᠨ ᠬᠠᠮᠤᠭ ᠤᠨ ᠴᠢᠩ ᠰᠡᠳᠬᠢᠯ ᠤᠨ ᠪᠠᠶᠠᠷ ᠵᠦᠩᠨᠡᠯ ᠢᠶᠠᠨ ᠳᠡᠪᠰᠢᠬᠦᠯᠪᠡ᠃ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ | ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ | ᠡᠪ ᠬᠠᠮᠳᠤ ᠵᠠᠯᠠᠭᠤᠴᠤᠳ ᠤᠨ ᠡᠪᠯᠡᠯ ᠤᠨ ᠭᠡᠰᠢᠭᠦᠨ ᠪᠤᠯᠤᠨ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠨ ᠤ ᠲᠦᠯᠦᠭᠡᠯᠡᠭᠴᠢ ᠬᠠᠮᠳᠦ ᠪᠠᠷ ᠪᠠᠶᠠᠷ ᠤᠨ ᠦᠭᠡ ᠬᠡᠯᠡᠵᠤ᠂ ᠨᠠᠮ ᠳᠠᠭᠠᠨ ᠵᠠᠯᠠᠭᠤ ᠨᠠᠰᠤᠨ ᠤ ᠮᠠᠭᠳᠠᠭᠠᠯ | ᠳᠡᠪᠰᠢᠭᠦᠯᠵᠤ᠂ ︽ᠨᠠᠮ ᠮᠠᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢᠳᠠ ᠪᠤᠢ︾ | ᠭᠡᠵᠤ ᠪᠠᠳᠤ ᠴᠢᠩᠭ᠎ᠠ ᠪᠠᠷ ᠳᠠᠩᠭᠠᠷᠢᠭᠯᠠᠪᠠ᠃ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ | ᠡᠳᠦᠷ ᠪᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ | ᠲᠡᠦᠬᠡᠨ ᠳᠡᠭᠡᠷ᠎ᠡ ᠴᠥᠮ ᠲᠦᠢᠯ ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ ᠪᠢᠳᠡ ᠠᠳᠡ | ᠦᠪᠡᠳᠡᠭᠰᠢ ᠴᠤᠭᠯᠠᠭᠠᠨ ᠪᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ | ᠬᠠᠮᠲᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ | ᠶᠠᠪᠤᠴᠠ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ | ᠰᠠᠷᠠᠭᠤᠯ ᠢᠷᠡᠭᠡᠳᠦᠢ ᠶᠢ ᠪᠠᠷᠠᠯᠠᠵᠤ ᠪᠠᠶᠢᠨ᠎ᠠ ᠭᠡᠵᠦ ᠢᠯᠡᠳᠭᠡᠪᠡ᠃ ᠰᠢ ᠶᠢᠨ ᠫᠢᠩ ᠨᠠᠮ ᠤᠨ ᠲᠥᠪ ᠬᠤᠷᠢᠶᠠᠨ ᠤ | ᠡᠮᠦᠨ᠎ᠡ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠲᠤ ᠪᠠᠶᠠᠷ ᠤᠨ ᠡᠳᠦᠷ ᠤᠨ | ᠬᠠᠯᠠᠭᠤᠨ ᠮᠡᠨᠳᠤᠴᠢᠯᠡᠯ ᠳᠡᠪᠰᠢᠬᠦᠯᠪᠡ᠃ | ᠰᠢ ᠶᠢᠨ ᠫᠢᠩ᠂ ᠳᠤᠮᠳᠠᠳᠤ ᠤᠯᠤᠰ ᠲᠤ ᠡᠪ ᠬᠠᠮᠲᠤ ᠨᠠᠮ ᠮᠠᠨᠳᠤᠯᠠᠪᠠ᠂ ᠡᠨᠡ ᠪᠣᠯ ᠤᠷᠢᠳ ᠡᠮᠦᠨ᠎ᠠ | ᠭᠠᠷᠤᠭ᠎ᠠ ᠦᠭᠡᠢ ᠶᠡᠭᠡ ᠬᠡᠷᠡᠭ ᠬᠤᠪᠢᠰᠤᠯ ᠪᠤᠯᠤᠨ᠎ᠠ᠂ ᠡᠨᠡ ᠨᠢ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠴᠢᠭᠯᠡᠯ ᠪᠠ ᠠᠬᠢᠴᠠ ᠶᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠤᠨ | ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠭᠦᠨᠵᠡᠭᠡᠢ | ᠬᠤᠪᠢᠷᠠᠭᠤᠯᠵᠤ᠂ ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠭᠦᠨᠵᠡᠭᠡᠢ ᠬᠤᠪᠢᠷᠠᠭᠤᠯᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ | ᠵᠣᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ | ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢᠭᠡ ᠭᠤᠣᠯ ᠰᠡᠳᠦᠪ ᠪᠣᠯᠤᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ | ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ︔ ᠥᠪᠡᠷ ᠤᠨ ᠬᠦᠴᠦ ᠪᠠᠷ ᠢᠶᠠᠨ ᠳᠡᠭᠵᠢᠷᠡᠨ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ | ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ︔ ᠦᠵᠡᠯ ᠰᠠᠨᠠᠭ᠎ᠠ ᠪᠠᠨ ᠴᠢᠯᠥᠭᠡᠯᠡᠨ᠂ ᠵᠤᠷᠢᠬᠳᠠᠢ ᠪᠠᠷ | ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠤᠭᠡᠨ | ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ︔ ᠢᠲᠡᠭᠡᠯ ᠲᠡᠭᠦᠯᠳᠡᠷ ᠢᠶᠠᠷ ᠥᠪᠡᠷ ᠢ ᠪᠠᠨ | ᠬᠦᠴᠦᠷᠬᠡᠭᠵᠢᠭᠦᠯᠵᠦ᠂ ᠲᠥᠪ ᠶᠣᠰᠣ ᠶᠢ ᠡᠷᠬᠢᠮᠯᠡᠨ ᠰᠢᠨ᠎ᠡ ᠶᠢ ᠡᠭᠦᠳᠴᠦ᠂ ᠠᠭᠤᠤ ᠶᠡᠭᠡ ᠲᠡᠮᠡᠴᠡᠯ᠂ ᠠᠭᠤᠤ ᠶᠡᠭᠡ | ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ | ᠡᠭᠦᠳᠦᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ | ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ | ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ | ᠠᠬᠢᠴᠠ ᠳᠤ ᠣᠷᠣᠪᠠ ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ | ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠨᠠᠨᠳᠢᠨ ᠠᠮᠢ ᠪᠠᠨ ᠴᠦᠯᠡᠨ ᠦᠷᠡᠭᠳᠡᠭᠦᠯᠬᠦ | ᠠᠤᠭ᠎ᠠ ᠵᠤᠷᠢᠬ ᠦᠯᠡᠮᠵᠢ᠂ ᠨᠡᠷᠡᠨ ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠪᠤᠯᠭᠠᠬᠤ︾ ᠣᠮᠤᠭ ᠵᠣᠷᠢᠭ ᠢᠶᠠᠷ | ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠭᠠᠶᠢᠬᠠᠮᠰᠢᠬᠳᠦ | ᠲᠤᠤᠯᠢᠰ ᠢ ᠪᠢᠴᠢᠭᠯᠡᠪᠡ᠃ ᠡᠨᠡ ᠬᠦ ᠵᠠᠭᠤᠨ ᠵᠢᠯ ᠤᠨ ᠲᠤᠷᠰᠢ ᠨᠡᠭᠡᠭᠡᠭᠰᠡᠨ ᠠᠭᠤᠤ ᠶᠡᠭᠡ ᠵᠠᠮ᠂ ᠴᠤᠬᠴᠠᠯᠠᠬᠰᠠᠨ | ᠠᠭᠤᠤ ᠶᠡᠭᠡ ᠦᠢᠯᠡᠰ᠂ ᠣᠯᠤᠭᠰᠠᠨ ᠠᠭᠤᠤ ᠶᠡᠭᠡ ᠠᠮᠵᠢᠯᠲᠠ ᠨᠢ ᠳᠤᠮᠳᠠᠳᠤ ᠶᠢᠨ ᠦᠨᠳᠦᠰᠦᠲᠡᠨ ᠤ | ᠬᠥᠭᠵᠢᠯᠲᠡ ᠶᠢᠨ ᠲᠡᠦᠬᠡᠨ ᠬᠠᠭᠤᠳᠠᠰᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ | ᠬᠠᠭᠤᠳᠠᠰᠤᠨ᠎ᠠ ᠲᠡᠮᠳᠡᠭᠯᠡᠭᠳᠡᠬᠦ ᠨᠢ ᠯᠠᠪᠲᠠᠢ ᠶᠤᠮ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠮᠠᠨ ᠤ ᠣᠯᠤᠭᠰᠠᠨ ᠠᠯᠢᠪᠠ ᠠᠮᠵᠢᠯᠲᠠ ᠪᠣᠯ ᠳᠤᠮᠳᠠᠳᠤ | ᠤᠯᠤᠰ ᠤᠨ ᠡᠪ ᠬᠠᠮᠲᠤᠴᠤᠳ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ | ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠮᠠᠤ ᠽᠧ ᠳ᠋ᠦᠩ ᠨᠥᠬᠦᠷ᠂ ᠳ᠋ᠧᠩ ᠰᠢᠶᠤᠤ ᠫᠢᠩ ᠨᠥᠬᠦᠷ᠂ | ᠵᠢᠶᠠᠩ ᠽᠧ ᠮᠢᠨ ᠨᠥᠬᠦᠷ᠂ ᠬᠤ᠋ ᠶᠢᠨ ᠲᠤᠤ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ | ᠤᠯᠤᠰ ᠤᠨ ᠡᠪ ᠬᠠᠮᠲᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠦᠯᠦᠭᠡ | ᠲᠡᠦᠬᠡ ᠰᠤᠳᠤᠷ ᠢ ᠭᠡᠶᠢᠭᠦᠯᠦᠭᠰᠡᠨ ᠠᠭᠤᠤ ᠶᠡᠭᠡ ᠭᠠᠪᠢᠶ᠎ᠠ ᠵᠢᠳᠬᠦᠯ ᠢ ᠪᠠᠶᠢᠭᠤᠯᠪᠠ᠂ ᠪᠢᠳᠡ ᠲᠡᠳᠡᠨ ᠳᠤ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ ᠭᠡᠵᠦ ᠢᠯᠡᠳᠭᠡᠪᠡ᠃ | ᠰᠢ ᠶᠢᠨ ᠫᠢᠩ᠂ ᠡᠨᠡ ᠬᠦ ᠴᠠᠭ ᠮᠥᠴᠡ ᠳᠤ᠂ ᠪᠢᠳᠡ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠬᠤ᠂ | ᠪᠠᠬᠢᠵᠢᠭᠦᠯᠬᠦ᠂ ᠬᠥᠭᠵᠢᠭᠦᠯᠬᠦ ᠶᠢᠨ ᠲᠥᠯᠥᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠮᠠᠤ ᠽᠧ ᠳ᠋ᠦᠩ᠂ | ᠵᠧᠦ ᠡᠸ᠋ᠨ ᠯᠠᠢ᠂ ᠯᠢᠦ ᠱᠤᠤ ᠴᠢ᠂ ᠵᠤ᠋ ᠳ᠋ᠧ᠂ ᠳ᠋ᠧᠩ ᠰᠢᠶᠤᠤ ᠫᠢᠩ᠂ ᠴᠧᠨ ᠶᠦᠨ ᠨᠥᠬᠦᠷ ᠵᠡᠷᠭᠡ ᠠᠬᠠᠮᠠᠳ ᠨᠢᠭᠡ | ᠦᠶ᠎ᠡ ᠶᠢᠨ ᠬᠤᠪᠢᠰᠬᠠᠯᠴᠢᠳ ᠢ ᠭᠦᠨ ᠮᠥᠷᠥᠭᠡᠳᠦᠨ ᠰᠠᠨᠠᠭᠠᠯᠵᠠᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ | ᠬᠠᠮᠠᠭᠠᠯᠠᠬᠤ᠂ ᠪᠦᠳᠦᠭᠡᠨ ᠪᠠᠶᠢᠭᠤᠯᠬᠤ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠥᠭᠡᠷᠡᠴᠢᠯᠡᠯᠲᠡ ᠨᠡᠭᠡᠭᠡᠯᠳᠡ | ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠡᠷᠡᠯᠬᠡᠭ | ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ | ᠮᠥᠷᠥᠭᠡᠳᠦᠨ ᠰᠠᠨᠠᠭᠠᠯᠵᠠᠵᠤ᠂ ᠤᠢᠢᠷ᠎ᠠ ᠦᠶ᠎ᠡ ᠠᠴᠠ ᠨᠠᠭᠠᠰᠢᠬᠢ ᠦᠨᠳᠦᠰᠦᠲᠡᠨ ᠤ ᠲᠤᠰᠠᠭᠠᠷ ᠲᠣᠭᠲᠠᠨᠢᠯ ᠪᠠ | ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ ᠢ ᠬᠦᠨ | ᠮᠦᠷᠤᠬᠡᠳᠤᠨ ᠰᠠᠨᠠᠭᠠᠯᠵᠠᠵᠤ ᠪᠠᠶᠢᠨ᠎ᠠ᠃ ᠲᠡᠳᠡᠨ ᠤ ᠡᠬᠡ ᠤᠯᠤᠰ ᠪᠣᠯᠤᠨ ᠦᠨᠳᠦᠰᠦᠲᠡᠨ ᠤ ᠪᠠᠨ ᠲᠥᠯᠥᠭᠡ | ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ︕ | ᠲᠡᠳᠡᠨ ᠤ ᠡᠷᠬᠢᠮ ᠳᠡᠭᠡᠳᠦ ᠵᠣᠷᠢᠭ ᠰᠠᠨᠠᠭ᠎ᠠ ᠨᠢ ᠠᠷᠠᠳ ᠲᠦᠮᠡᠨ ᠤ ᠰᠡᠳᠬᠢᠯ ᠳᠤ ᠡᠭᠦᠷᠢᠳᠡ ᠬᠠᠳᠠᠩᠰᠢᠬᠤ ᠶᠤᠮ︕ | ᠭᠡᠵᠦ ᠢᠯᠡᠳᠭᠡᠪᠡ᠃ | ᠰᠢ ᠶᠢᠨ ᠫᠢᠩ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭᠠᠲᠤᠷ | ᠮᠥᠨ᠃ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠠᠵᠢᠯᠴᠢᠨ᠂ | ᠲᠠᠷᠢᠶᠠᠴᠢᠨ᠂ ᠰᠡᠬᠡᠭᠡᠲᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠬᠥᠮᠦᠰ᠂ ᠡᠯ᠎ᠡ | ᠠᠷᠠᠳ ᠤᠨ ᠪᠦᠯᠬᠦᠮ᠂ ᠡᠯ᠎ᠡ ᠡᠲᠡᠭᠡᠳ ᠤᠨ ᠡᠬᠡ ᠣᠷᠣᠨᠴᠢ ᠬᠥᠮᠦᠰ᠂ ᠠᠷᠠᠳ ᠤᠨ ᠴᠢᠯᠥᠭᠡᠯᠡᠬᠦ ᠴᠡᠷᠢᠭ ᠤᠨ | ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ | ᠠᠩᠬᠢ ᠶᠢᠨ ᠵᠢᠯᠤᠭᠤᠳᠤᠬᠴᠢ ᠪᠠᠶᠢᠯᠳᠤᠭᠴᠢ᠂ ᠪᠦᠬᠦ ᠨᠡᠶᠢᠭᠡᠮ ᠵᠢᠷᠤᠮ ᠤᠨ ᠬᠥᠳᠡᠯᠮᠦᠷᠢᠴᠢᠨ᠂ ᠨᠢᠭᠡᠳᠦᠮᠡᠯ | ᠹᠷᠣᠨᠲ ᠤᠨ ᠥᠷᠭᠡᠨ ᠤᠯᠠᠨ ᠪᠦᠷᠢᠯᠳᠦᠬᠦᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ᠃ | ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠣᠣᠮᠧᠨ ᠤᠨᠴᠠᠭᠠᠢ ᠵᠠᠰᠠᠭ | ᠵᠠᠬᠢᠷᠭᠠᠨ ᠤ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ ᠨᠡᠷ ᠵᠢᠴᠢ ᠥᠷᠭᠡᠨ ᠤᠯᠠᠨ | ᠳᠤᠮᠳᠠᠳᠤ ᠶᠢᠨ ᠬᠠᠷᠢᠶᠠᠲᠤ ᠨᠡᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ᠃ ᠳᠤᠮᠳᠠᠳᠤ ᠤᠯᠤᠰ ᠤᠨ | ᠠᠷᠠᠳ ᠲᠦᠮᠡᠨ ᠲᠠᠢ ᠨᠥᠬᠦᠷᠰᠡᠭ ᠢᠶᠠᠷ ᠶᠠᠪᠤᠯᠴᠠᠵᠤ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠠᠷᠠᠳ ᠲᠦᠮᠡᠨ ᠪᠠ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ᠭᠡᠵᠦ ᠢᠯᠡᠳᠭᠡᠪᠡ᠃ | ᠰᠢ ᠶᠢᠨ ᠫᠢᠩ᠂ ᠤᠭ ᠰᠠᠨᠠᠭ᠎ᠠ ᠶᠢ ᠲᠤᠬᠳᠠᠭᠠᠬᠤ ᠳᠤ ᠬᠢᠯᠪᠠᠷ᠂ ᠢᠮᠠᠭᠲᠠ ᠪᠠᠷᠢᠮᠳᠠᠯᠠᠬᠤ ᠳᠤ ᠬᠦᠴᠢᠷ᠃ | ᠲᠡᠦᠬᠡ ᠪᠠᠷ ᠲᠤᠯᠢ ᠪᠣᠯᠭᠠᠪᠠᠯ᠂ ᠲᠦᠷᠦ ᠭᠦᠷᠦᠨ ᠤ ᠮᠠᠨᠳᠤᠵᠤ ᠮᠥᠬᠦᠬᠦ ᠰᠤᠯᠢᠬᠳᠠᠬᠤ ᠶᠤᠰᠤ ᠶᠢ ᠮᠡᠳᠡᠵᠦ ᠪᠣᠯᠤᠨ᠎ᠠ᠃ | ᠪᠢᠳᠡ ᠲᠡᠦᠬᠡ ᠪᠠᠷ ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ | ᠴᠢᠳᠠᠭᠰᠠᠨ ᠢ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ | ᠲᠣᠳᠣᠷᠬᠠᠢ ᠣᠶᠢᠯᠠᠭᠠᠵᠤ᠂ ᠡᠭᠦᠨ ᠤ ᠤᠯᠠᠮ ᠢᠶᠠᠷ ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ | ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ | ᠢᠷᠡᠭᠡᠳᠦᠢ ᠪᠠᠨ ᠴᠣᠭᠴᠠᠯᠠᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠪᠠᠷᠢᠮᠲᠠᠯᠠᠵᠦ᠂ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠳᠠᠰᠤᠷᠠᠯᠳᠠ ᠦᠭᠡᠢ | ᠳᠡᠬᠦᠯᠳᠡᠷᠵᠢᠬᠦᠯᠵᠦ᠂ ᠨᠠᠮ ᠠᠴᠠ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ | ᠤᠳᠤᠷᠢᠳᠬᠤ ᠭᠤᠤᠯᠯᠠᠭᠴᠢ ᠶᠢᠨ ᠦᠢᠯᠡᠳᠦᠯ ᠢ ᠭᠦᠶ᠋ᠴᠡᠳ ᠪᠠᠳᠠᠷᠠᠭᠤᠯᠬᠤ ᠬᠡᠷᠡᠭᠲᠡᠶ︔ ᠡᠷᠬᠡᠪᠰᠢ ᠳᠤᠮᠳᠠᠳᠤ | ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ | ᠲᠠᠰᠤᠷᠠᠯᠲᠠ ᠦᠭᠡᠢ ᠲᠡᠮᠡᠴᠡᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢ ᠡᠭᠦᠳᠦᠨ ᠪᠦᠲᠦᠭᠡᠵᠦ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠤᠨ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠤᠳᠠᠳᠤ ᠠᠬᠢᠴᠠ ᠲᠠᠢ | ᠪᠣᠯᠭᠠᠬᠤ ᠬᠡᠷᠡᠭᠲᠡᠢ︔ ᠡᠷᠬᠡᠪᠰᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠦᠷᠭᠦᠯᠵᠢᠯᠡᠨ ᠠᠬᠢᠭᠤᠯᠵᠤ᠂ | ᠮᠠᠷᠺᠰ ᠤᠨ ᠦᠵᠡᠯ ᠤᠨ ᠦᠨᠳᠦᠰᠦᠨ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ | ᠦᠵᠡᠯ ᠢᠶᠠᠷ ᠴᠠᠭ ᠦᠶ᠎ᠡ ᠶᠢ ᠠᠵᠢᠠᠠᠯᠠᠵᠦ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠳᠦᠯᠦᠨ ᠳᠠᠭᠠᠭᠤᠯᠵᠤ | ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠢ | ᠦᠷᠭᠦᠯᠵᠢᠯᠡᠨ ᠬᠥᠭᠵᠢᠭᠦᠯᠬᠦ ᠬᠡᠷᠡᠭᠲᠡᠢ︔ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠵᠦ᠂ ᠨᠠᠮ ᠤᠨ ᠦᠨᠳᠦᠰᠦᠨ ᠤᠨᠤᠯ᠂ ᠦᠨᠲᠦᠰᠦᠠ ᠱᠤᠭᠤᠮ᠂ ᠦᠨᠲᠦᠰᠦᠨ ᠴᠢᠭᠯᠡᠯᠲᠡ ᠶᠢ | ᠪᠠᠷᠢᠮᠲᠠᠯᠠᠵᠦ᠂ ᠥᠪᠡᠷ ᠤᠨ ᠰᠣᠩᠭᠤᠭᠰᠠᠨ ᠵᠠᠮ ᠢᠶᠠᠷ ᠢᠶᠠᠨ ᠴᠡᠭᠡᠵᠢ ᠲᠡᠨᠢᠢᠨ ᠲᠤᠮᠤ ᠠᠯᠬᠤᠮ ᠢᠶᠠᠷ ᠤᠷᠤᠭᠰᠢᠯᠠᠵᠤ᠂ | ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ | ᠭᠡᠷᠡᠭᠲᠡᠢ︔ ᠡᠷᠬᠡᠪᠰᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ | ᠲᠦᠷᠭᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠴᠡᠷᠢᠭ ᠠᠩᠬᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ | ᠪᠠᠷᠢᠮᠲᠠᠯᠠᠵᠤ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠪᠣᠯᠭᠠᠨ | ᠪᠠᠶᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠶᠢᠳᠠᠪᠤᠷᠢᠲᠠᠢ ᠠᠷᠭ᠎ᠠ ᠪᠠᠷᠢᠯ ᠢᠶᠠᠷ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ︔ ᠡᠷᠬᠡᠪᠰᠢ ᠡᠩᠬᠡ | ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ᠲᠤᠭ ᠢ ᠥᠨᠳᠥᠷ ᠮᠠᠨᠳᠤᠭᠤᠯᠵᠤ᠂ | ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠡᠦᠬᠡ ᠶᠢᠨ | ᠬᠦᠷᠳᠦ ᠶᠢᠨ ᠭᠡᠭᠡᠨ ᠰᠠᠷᠠᠭᠤᠯ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠭᠡᠷᠡᠭᠲᠡᠢ︔ ᠡᠷᠬᠡᠪᠰᠢ ᠮᠠᠰᠢ | ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠬᠢᠵᠤ᠂ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ᠂ ᠢᠮᠠᠭᠲᠠ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠦᠯᠦ ᠮᠠᠷᠳᠠᠵᠤ᠂ | ᠤᠯᠤᠰ ᠤᠨ ᠶᠡᠷᠦᠩᠬᠡᠢ ᠴᠤᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠬᠠᠷᠭᠤᠪᠠᠯ ᠵᠠᠮ ᠨᠡᠭᠡᠭᠡᠵᠦ᠂ ᠤᠰᠤ ᠲᠠᠭᠠᠷᠠᠪᠠᠯ | ᠬᠥᠭᠦᠷᠭᠡ ᠳᠠᠯᠪᠢᠵᠦ᠂ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠭ᠋ᠤ ᠬᠡᠷᠡᠭᠲᠡᠢ︔ | ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠬᠤ ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ | ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ︔ ᠡᠷᠬᠡᠪᠰᠢ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ | ᠶᠡᠭᠡ ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠵᠤ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ | ᠪᠠᠶᠢᠬᠤ ᠬᠡᠷᠡᠭᠲᠡᠶ ᠭᠡᠬᠦ ᠶᠣᠰᠣ ᠤᠴᠢᠷ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ | ᠡᠭᠦᠷᠢᠳᠡ ᠵᠤᠬᠰᠤᠰᠢ ᠦᠭᠡᠶ ᠬᠢᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠰᠢᠨ᠎ᠡ ᠴᠠᠭ | ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ | ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ | ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ | ᠲᠥᠪ ᠠᠴᠠ ᠰᠢᠶᠠᠩᠭᠠᠩ᠂ ᠣᠣᠮᠧᠨ ᠤ ᠤᠨᠴᠠᠭᠠᠢ ᠵᠠᠰᠠᠭ ᠵᠠᠬᠢᠷᠭᠠᠨ ᠤ ᠣᠷᠣᠨ ᠢ ᠪᠦᠬᠦ ᠲᠠᠯ᠎ᠠ ᠪᠠᠷ ᠬᠠᠮᠢᠶᠠᠷᠤᠨ | ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ | ᠪᠠ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠳᠡᠢ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ | ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ | ᠠᠬᠢᠴᠠ ᠶᠢ ᠠᠬᠢᠭᠤᠯᠬᠤ ᠬᠡᠷᠡᠭᠲᠡᠶ᠃ ᠲᠠᠶᠢᠸᠠᠨ ᠬᠤᠭᠤᠯᠠᠶ ᠶᠢᠨ ᠬᠤᠶᠠᠷ ᠬᠦᠪᠡᠬᠡᠨ ᠤ ᠠᠬ᠎ᠠ ᠳᠡᠭᠦᠦ ᠨᠡᠷ ᠢ | ᠪᠠᠭᠲᠠᠭᠠᠭᠰᠠᠨ ᠪᠤᠢ ᠪᠦᠬᠦᠢ ᠳᠤᠮᠳᠠᠳᠤ ᠶᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠪᠦᠯᠬᠦᠮᠳᠡᠨ ᠤᠷᠤᠭᠰᠢᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠠᠯᠢᠪᠠ ᠭᠤᠷᠢᠳᠠᠯᠭ᠎ᠠ ᠶᠢ ᠡᠷᠡᠰ | ᠪᠤᠳᠠ ᠨᠢᠷᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ | ᠴᠣᠭᠴᠠᠯᠠᠨ ᠪᠠᠶᠢᠭᠤᠯᠬᠤ ᠬᠡᠷᠡᠭᠲᠡᠶ᠃ ᠶᠠᠮᠠᠷᠪᠠ ᠬᠥᠮᠦᠨ ᠭᠡᠳ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ | ᠣᠷᠣᠨ ᠤ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠬᠠᠳᠠᠨ ᠵᠤᠷᠢᠭ᠂ | ᠪᠠᠳᠤ ᠬᠦᠴᠦᠨ᠂ ᠬᠦᠴᠦᠷᠬᠡᠭ ᠶᠡᠭᠡ ᠴᠢᠳᠠᠪᠤᠷᠢ ᠶᠢ ᠪᠠᠰᠤᠮᠵᠢᠯᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ | ᠵᠠᠯᠠᠭᠤᠴᠤᠳ ᠲᠤ ᠨᠠᠶᠢᠳᠠᠶᠡ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ | ᠳᠤᠮᠳᠠᠳᠤ ᠤᠯᠤᠰ ᠤᠨ ᠬᠥᠮᠦᠨ ᠪᠤᠯᠤᠬᠰᠠᠨ ᠤ ᠡᠷᠴᠢ ᠵᠣᠷᠢᠭ᠂ ᠰᠥᠰᠥ ᠵᠣᠷᠢᠭ᠂ ᠢᠳᠡᠬᠡᠯ ᠵᠤᠷᠢᠬ ᠢᠶᠠᠨ | ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠽᠠᠨᠳᠠᠨ ᠨᠠᠰᠤ ᠰᠠᠶᠢᠬᠠᠨ ᠴᠠᠬ ᠢ ᠬᠥᠰᠡᠷᠳᠡᠭᠦᠯᠬᠦ ᠦᠭᠡᠢ᠂ | ᠨᠠᠮ ᠪᠠ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ | ᠵᠢᠭᠠᠵᠦ ᠭᠠᠷᠭᠠᠪᠠ᠃ | ᠰᠢ ᠶᠢᠨ ᠫᠢᠩ᠂ ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ | ᠲᠦᠮᠡᠨ᠂ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠭᠰᠠᠨ ᠶᠤᠮ᠃ ᠤᠳᠤ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ | ᠠᠶᠠᠨ ᠳᠤ ᠳᠠᠬᠢᠨ ᠮᠤᠷᠳᠠᠯ᠎ᠠ ᠭᠡᠵᠦ ᠴᠢᠬᠤᠯᠠᠴᠢᠯᠠᠪᠠ᠃ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ | ᠪᠦᠬᠦ᠋ᠢᠯᠡ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ | ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ | ᠢᠮᠠᠭᠲᠠ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠵᠦ᠂ ᠬᠦᠴᠦ ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ ᠢ | ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ | ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠰᠤᠭᠠᠢ ᠭᠡᠵᠦ | ᠤᠷᠢᠶᠠᠯᠠᠪᠠ᠃ ︵ᠶᠠᠷᠢᠶᠠᠨ ᠤ ᠪᠦᠬᠦ ᠠᠭᠤᠯᠭ᠎ᠠ ᠶᠢ ᠠᠰᠳᠠᠭᠠᠨ ᠨᠡᠶᠢᠳᠡᠯᠡᠨ᠎ᠠ︶ | ᠰᠢ ᠶᠢᠨ ᠫᠢᠩ ᠤᠨ ᠶᠠᠷᠢᠶ᠎ᠠ ᠲᠡᠭᠦᠰᠬᠦ ᠳᠤ ᠲᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ | ᠲᠠᠰᠢᠵᠠᠭᠠᠪᠠ᠃ | ᠶᠡᠭᠡ ᠬᠤᠷᠠᠯ ᠰᠦᠷ ᠵᠢᠪᠬᠤᠯᠠᠩᠲᠤ ᠢᠨᠲ᠋ᠧᠷᠨᠠᠼᠢᠤᠨᠠᠯ ᠤᠨ ᠳᠠᠭᠤᠤ ᠶᠢᠨ ᠳᠤᠮᠳᠠ ᠲᠡᠭᠦᠰᠪᠡ᠃ | ᠣᠮᠤᠭ ᠪᠠᠳᠠᠷᠠᠩᠭᠤᠢ ᠬᠥᠭᠵᠢᠮ ᠤᠨ ᠠᠶᠠᠰ ᠬᠠᠩᠭᠢᠨᠠᠬᠤ ᠳᠤ᠂ ᠲᠠᠯᠠᠪᠠᠢ ᠳᠠᠶᠠᠭᠠᠷ ᠢᠶᠠᠨ ︽ᠡᠬᠡ | ᠤᠯᠤᠰ ᠢᠶᠠᠨ ᠮᠠᠭᠲᠠᠨ ᠳᠠᠭᠤᠯᠠᠶ᠎ᠠ︾ ᠭᠡᠮᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ 10 ᠲᠦᠮᠡᠨ ᠡᠩᠬᠡ | ᠲᠠᠶᠢᠪᠤᠩ ᠤᠨ ᠲᠠᠭᠲᠠᠭ᠎ᠠ ᠵᠢᠭᠦᠷ ᠢᠶᠠᠨ ᠳᠡᠯᠭᠡᠨ ᠥᠨᠳᠥᠷ ᠲᠤ ᠨᠢᠰᠴᠦ᠂ 10 ᠲᠦᠮᠡᠨ ᠥᠩᠭᠡᠲᠦ ᠬᠡᠶᠢᠲᠦ ᠪᠥᠮᠪᠦᠭᠡ | ᠠᠭᠠᠷ ᠲᠤ ᠳᠡᠭᠳᠡᠪᠡ᠃ ᠲᠢᠶᠠᠨ ᠠᠨ ᠮᠧᠨ ᠠᠭᠤᠳᠠᠮ ᠲᠠᠯᠠᠪᠠᠢ ᠳᠠᠬᠢ ᠡᠯ᠎ᠡ ᠡᠲᠡᠭᠡᠳ ᠤᠨ ᠤᠯᠠᠨ ᠲᠦᠮᠡᠨ ᠲᠢᠶᠠᠨ | ᠠᠨ ᠮᠧᠨ ᠠᠰᠠᠷ ᠵᠦᠭ ᠪᠠᠶᠠᠷᠯᠠᠨ ᠤᠤᠬᠠᠢᠢᠯᠠᠵᠤ ᠬᠦᠨᠳᠦᠳᠬᠡᠯ ᠳᠡᠪᠰᠢᠭᠦᠯᠬᠦ ᠳᠤ᠂ ᠰᠢ ᠶᠢᠨ ᠫᠢᠩ ᠨᠡᠷ ᠤᠯᠠᠨ ᠤ | ᠵᠦᠭ ᠭᠠᠷ ᠳᠠᠯᠠᠯᠤᠨ ᠮᠡᠨᠳᠦᠴᠢᠯᠡᠪᠡ᠃ ᠠᠰᠠᠷ ᠤᠨ ᠳᠡᠭᠡᠷ᠎ᠡ ᠳᠣᠣᠷ᠎ᠠ ᠴᠢᠩ ᠰᠡᠳᠬᠢᠯ ᠤᠨ ᠠᠭᠤᠰᠤᠯᠴᠠᠯ ᠤᠨ | ᠬᠦᠬᠦᠷᠬᠡ ᠨᠡᠪᠲᠡᠷᠡᠵᠦ᠂ ᠠᠭᠤᠳᠠᠮ ᠲᠠᠯᠠᠪᠠᠢ ᠶᠢᠨ ᠳᠤᠳᠤᠨ᠎ᠠ ᠭᠠᠳᠠᠨ᠎ᠠ ᠪᠠᠶᠠᠷ ᠬᠦᠷ ᠢᠶᠠᠷ ᠪᠢᠯᠬᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠡᠬᠡ ᠤᠯᠤᠰ ᠪᠣᠯᠤᠨ | ᠳᠡᠯᠡᠬᠡᠢ ᠶᠢᠨ ᠮᠠᠷᠭᠠᠰᠢ ᠨᠡᠩ ᠰᠠᠶᠢᠨ ᠰᠠᠶᠢᠬᠠᠨ ᠪᠣᠯᠬᠤ ᠶᠢ ᠬᠠᠮᠲᠤ ᠪᠠᠷ ᠬᠦᠰᠡᠨ ᠵᠥᠩᠨᠡᠭᠰᠡᠨ ᠪᠠᠶᠢᠨ᠎ᠠ᠃ | ᠪᠡᠯᠭᠡᠯᠡᠬᠦ ᠶᠡᠭᠡ ᠬᠤᠷᠠᠯ ᠳᠤ ᠣᠷᠣᠯᠴᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠧᠨ᠂ ᠯᠢᠦ | ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠴᠢᠶᠠᠩ᠂ ᠯᠢ ᠬᠤᠩ ᠵᠥᠩ᠂ ᠶᠠᠩ ᠵᠢᠶᠧ ᠤᠣᠢ᠂ ᠶᠠᠩ | ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ ᠴᠦᠨ ᠬᠤᠸᠠ᠂ | ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠬᠤ᠋ ᠶᠢᠨ ᠲᠤᠤ᠂ ᠯᠢ ᠷᠦᠢ ᠬᠤᠸᠠᠨ᠂ ᠡᠦ ᠪᠠᠩ | ᠭᠦᠸᠧ᠂ ᠸᠧᠨ ᠵᠢᠶᠠ ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠰᠦᠩ ᠫᠢᠩ᠂ ᠯᠢ | ᠯᠠᠨ ᠴᠢᠩ᠂ ᠽᠧᠩ ᠴᠢᠩ ᠬᠤᠩ᠂ ᠡᠤ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ | ᠱᠠᠨ᠂ ᠵᠠᠩ ᠭᠤᠤ ᠯᠢ᠂ ᠶᠢᠤ ᠴᠢᠤᠸᠠᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠶ | ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠥᠩ | ᠯᠢ᠂ ᠬᠤᠤ ᠮᠢᠩ ᠶᠢᠨ᠂ ᠼᠠᠢ ᠳ᠋ᠠ ᠹᠧᠩ᠂ ᠡᠤ ᠸᠧᠶ ᠬᠤᠸᠠ᠂ ᠸᠧᠶ ᠹᠧᠩ ᠾᠧ᠂ ᠸᠠᠩ ᠶᠦᠩ᠂ ᠸᠠᠩ ᠢ᠂ | ᠰᠢᠶᠣᠤ ᠵᠢᠶᠧ᠂ ᠵᠣᠣ ᠺᠧ ᡁᠢ᠂ ᠵᠧᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠦᠦ᠂ ᠫᠠᠪᠠᠯᠠ · | ᠭᠧᠯᠧᠭᠨᠡᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠧᠦ ᠬᠤᠸᠠ᠂ ᠯᠦ ᠵᠠᠨ ᠬᠥᠩ᠂ ᠮᠠ ᠪᠢᠶᠤᠤ᠂ | ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ ᠪᠠᠭᠠᠲᠤᠷ᠂ ᠸᠠᠩ ᠶᠦᠩ ᠴᠢᠩ᠂ | ᠾᠧ ᠯᠢ ᠹᠧᠩ᠂ ᠰᠤ᠋ ᠬᠤᠶ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠶ᠂ ᠱᠤᠤ | ᠬᠤᠩ᠂ ᠭᠤᠤ ᠶᠦᠨ ᠯᠦᠩ ᠪᠣᠯᠤᠨ ᡂᠢ ᠬᠤᠤ ᠲᠢᠶᠠᠨ᠂ ᠵᠢᠶᠠᠩ ᠴᠦᠨ ᠶᠦᠨ᠂ ᠸᠠᠩ ᠯᠧ ᠴᠢᠤᠸᠠᠨ᠂ ᠸᠠᠩ | ᠵᠣᠤ ᠭᠦᠸᠧ᠂ ᠬᠤᠶ ᠯᠢᠶᠠᠩ ᠢᠦᠶ᠂ ᠯᠢᠦ ᠴᠢ᠂ ᠡᠦ ᠢ᠂ ᠼᠤᠤ ᠭᠠᠩ ᠴᠤᠸᠠᠡ᠂ ᠽᠧᠩ ᠫᠸᠢ ᠶᠠᠨ᠂ ᠸᠠᠩ ᠭᠠᠩ | ᠂ ᠯᠢᠦ ᠶᠠᠨ ᠳ᠋ᠦᠩ᠂ ᠯᠢ ᠶᠤᠸᠠᠨ ᠴᠤᠤ᠂ ᠮᠠ ᠺᠠᠶ᠂ ᠯᠢ ᠵᠢᠶᠠᠨ ᠭᠦᠸᠧ᠂ ᠹᠠᠨ ᠴᠠᠩ ᠯᠦᠩ᠂ ᠮᠧᠩ ᠵᠢᠶᠠᠨ ᠵᠤ᠋᠂ | ᠬᠦᠸᠧ ᠶᠢᠨ ᠯᠦᠩ᠂ ᠸᠠᠩ ᠬᠠᠨ ᠪᠢᠨ᠂ ᠾᠧ ᠶᠦᠩ᠂ ᠳ᠋ᠦ᠋ ᠴᠢᠩ ᠯᠢᠨ᠂ ᠵᠣᠤ ᠬᠤᠩ ᠵᠤ᠋᠂ ᠫᠧᠩ ᠫᠸᠢ ᠶᠦᠨ᠂ | ᠯᠢ ᠲᠢᠶᠧ ᠶᠢᠩ᠂ ᠾᠧ ᠯᠦ ᠯᠢ᠂ ᠵᠢᠶᠠᠩ ᠵᠧᠩ ᠬᠤᠸᠠ᠂ ᠬᠥ᠋ ᠰᠢᠤ ᠯᠢᠶᠠᠨ᠂ ᠷᠧᠳᠢ᠂ ᠤᠶᠤᠨᠴᠢᠮᠡᠭ᠂ ᠴᠧᠨ ᡁᠢ | ᠯᠢ᠂ ᠵᠧᠦ ᠲᠢᠶᠧ ᠨᠦᠩ᠂ ᠵᠢᠶᠠᠩ ᠱᠤ᠋ ᠱᠧᠩ᠂ ᠰᠠᠩ ᠭᠦᠸᠧ ᠸᠧᠶ᠂ ᠸᠠᠩ ᠱᠧᠩ ᠵᠢᠶᠦ᠋ᠨ᠂ ᠴᠧᠨ ᠴᠠᠩ ᡁᠢ᠂ | ᠶᠠᠨ ᠵᠢᠶᠦ᠋ᠨ ᠴᠢ᠂ ᠵᠠᠩ ᠫᠢᠩ᠂ ᠵᠠᠮᠪᠠᠯᠫᠤᠩᠰᠤᠭ᠂ ᠳ᠋ᠠᠶ ᠪᠢᠩ ᠭᠦᠸᠧ᠂ ᠴᠠᠩ ᠸᠠᠨ ᠴᠢᠤᠸᠠᠨ᠂ ᠬᠠᠨ ᠵᠤ᠋ ᠪᠢᠨ᠂ | ᠵᠢᠶᠠ ᠴᠦᠨ ᠸᠠᠩ᠂ ᠰᠦᠩ ᠵᠢᠶᠠᠨ᠂ ᠬᠤ᠋ ᠴᠢ ᠯᠢ᠂ ᠸᠠᠩ ᠵᠥᠩ ᠢᠦᠶ᠂ ᠬᠤᠤ ᠵᠢᠶᠠᠨ ᠰᠢᠤ᠂ ᠰᠢᠤᠢ ᠺᠤᠸᠠᠩ | ᠳ᠋ᠢ᠂ ᠵᠠᠩ ᠬᠤᠸᠠᠢ ᠰᠢ᠂ ᠯᠢ ᠮᠧᠩ᠂ ᠯᠢᠶᠣᠤ ᠬᠤᠶ᠂ ᠪᠠᠶ ᠯᠢ ᠴᠧᠨ᠂ ᠴᠧᠨ ᠺᠦᠶ ᠶᠤᠸᠠᠨ᠂ ᠠᠪᠦ᠋ᠯᠠᠶᠢᠲ᠋ᠢ · | ᠠᠪᠦ᠋ᠳᠦ᠋ᠷᠧᠰᠢᠲ᠋ᠢ᠂ ᠯᠢ ᠵᠣᠣ ᠵᠦᠸᠧ᠂ ᠬᠤᠸᠠᠩ ᠮᠧᠩ ᠹᠦ᠋᠂ ᠵᠠᠩ ᠮᠧᠶ ᠶᠢᠩ᠂ ᠵᠠᠩ ᠷᠦᠩ ᠮᠢᠩ᠂ ᠴᠢᠶᠠᠨ | ᠶᠦᠨ ᠯᠦ᠂ ᠰᠦᠨ ᠵᠢᠶᠠ ᠵᠧᠩ᠂ ᠯᠢ ᠶᠢᠨ ᠬᠤᠸᠠ᠂ ᠵᠧᠩ ᠸᠠᠨ ᠲᠦᠩ᠂ ᠳ᠋ᠧᠩ ᠫᠦ᠋ ᠹᠠᠩ᠂ ᠴᠧᠨ ᠽᠦᠩ ᠰᠢᠩ | ᠂ ᠸᠠᠩ ᡁᠢ ᠵᠧᠨ᠂ ᠬᠠᠨ ᠴᠢ ᠳ᠋ᠧ᠂ ᠯᠦᠸᠧ ᠹᠦ᠋ ᠾᠧ᠂ ᠯᠢ ᠬᠠᠢ ᠹᠧᠩ᠂ ᠴᠧᠨ ᠶᠤᠸᠠᠨ᠂ ᠵᠧᠤ ᠰᠢᠶᠣᠤ ᠴᠤᠸᠠᠨ | ᠂ ᠸᠠᠩ ᠵᠢᠶᠠ ᠷᠦᠢ᠂ ᠴᠢ ᠰᠢᠦᠢ ᠴᠦᠨ᠂ ᠮᠠ ᠫᠸᠢ ᠬᠤᠸᠠ᠂ ᠯᠢᠦ ᠰᠢᠶᠤᠤ ᠹᠧᠩ᠂ ᠸᠠᠩ ᠴᠢᠨ ᠮᠢᠨ᠂ ᠵᠢᠴᠢ ᠯᠢ | ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠣᠯᠤᠨ ᠹᠦ᠋ ᠴᠢᠤᠸᠠᠨ ᠶᠢᠦ᠂ ᠢᠦᠶ ᠶᠦᠩ ᠪᠥᠸᠧ᠂ ᠸᠠᠩ | ᠺᠧ᠂ ᠴᠧᠨ ᠪᠢᠩ ᠳ᠋ᠧ᠂ ᠯᠢ ᠵᠢᠶ ᠨᠠᠢ᠂ ᠴᠢᠶᠣᠤ ᠴᠢᠩ ᠴᠧᠨ᠂ ᠵᠢᠩ ᡁᠢ ᠶᠤᠸᠠᠨ᠂ ᠵᠣᠣ ᠺᠧ ᠱᠢ᠂ ᠡᠤ ᠱᠧᠩ | ᠯᠢ᠂ ᠮᠠ ᠰᠢᠶᠣᠤ ᠲᠢᠶᠠᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ | ᠯᠢᠨ ᠵᠧᠩ ᠶᠤᠸᠠᠢ ᠧ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ | ᠢ ᠴᠧᠩ ᠨᠠᠷ ᠪᠤᠢ᠃ | ᠪᠡᠭᠡᠵᠢᠩ ᠳᠤ ᠪᠠᠶᠢᠭ᠎ᠠ ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ᠂ ᠠᠬᠠᠮᠠᠳ ᠨᠥᠬᠦᠳ ᠤᠨ ᠲᠥᠯᠥᠭᠡᠯᠡᠭᠴᠢ᠂ ᠪᠡᠭᠡᠵᠢᠩ ᠳᠠᠬᠢ | ᠲᠥᠪ ᠠᠴᠠ ᠬᠠᠮᠢᠶᠠᠷᠴᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠥᠬᠦᠳ᠂ ᠪᠡᠭᠡᠵᠢᠩ ᠳᠤ ᠪᠠᠶᠢᠭ᠎ᠠ ᠲᠥᠪ ᠬᠤᠷᠢᠶᠠᠨ ᠤ ᠭᠡᠰᠢᠭᠦᠨ᠂ ᠲᠥᠪ ᠬᠤᠷᠢᠶᠠᠨ ᠤ | ᠣᠷᠣᠯᠠᠭᠴᠢ ᠭᠡᠰᠢᠭᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ᠂ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠰᠢᠶᠠᠩᠭᠠᠩ ᠣᠣᠮᠧᠨ ᠲᠠᠶᠢᠸᠠᠨ ᠤ ᠠᠬ᠎ᠠ ᠳᠡᠭᠦᠦ ᠨᠡᠷ᠂ ᠭᠠᠳᠠᠭᠠᠳᠤ ᠳᠤ | ᠰᠠᠭᠤᠭ᠎ᠠ ᠳᠤᠮᠳᠠᠳᠤ ᠶᠢᠨ ᠬᠠᠷᠢᠶᠠᠲᠤ ᠨᠡᠷ ᠤᠨ ᠲᠥᠯᠥᠭᠡᠯᠡᠭᠴᠢ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ | ᠬᠤᠷᠢᠶᠠᠨ ᠤ ᠪᠡᠭᠡᠵᠢᠩ ᠳᠤ ᠪᠠᠶᠢᠭ᠎ᠠ ᠭᠡᠰᠢᠭᠦᠳ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠪᠡᠭᠡᠵᠢᠩ ᠳᠤ ᠪᠠᠶᠢᠭ᠎ᠠ ᠭᠦᠢᠴᠡᠳᠬᠡᠬᠦ ᠭᠡᠰᠢᠭᠦᠨ ᠪᠠ ᠨᠠᠮ ᠪᠦᠯᠦᠭ ᠤᠨ ᠪᠤᠰᠤ ᠬᠥᠮᠦᠰ ᠤᠨ | ᠲᠥᠯᠥᠭᠡᠯᠡᠭᠴᠢ᠂ ᠪᠡᠭᠡᠵᠢᠩ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠤᠯᠤᠰ ᠤᠨ | ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠴᠢ᠂ ︽ᠪᠥᠬᠦ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ᠂ ︽ᠤᠯᠤᠰ ᠤᠨ | ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ︾᠂ ︽ᠰᠠᠨᠰᠠᠷ ᠤᠨ ᠠᠶᠠᠯᠠᠯ ᠤᠨ ᠪᠠᠭᠠᠲᠤᠷ︾᠂ | ︽ᠪᠠᠭᠠᠲᠤᠷ ᠰᠠᠨᠰᠠᠷᠴᠢᠨ︾ ᠤ ᠴᠤᠯᠠ ᠬᠦᠷᠲᠡᠭᠴᠢ᠂ ᠪᠦᠬᠦ ᠤᠯᠤᠰ ᠤᠨ ᠲᠡᠷᠢᠭᠦᠨ ᠤ ᠵᠢᠱᠢᠶᠡᠴᠢ ᠬᠥᠮᠦᠰ ᠤᠨ | ᠲᠥᠯᠥᠭᠡᠯᠡᠭᠴᠢ᠂ ᠠᠷᠪᠠᠨ ᠨᠢᠭᠡᠳᠦᠭᠡᠷ ᠳᠦᠷᠢ ᠶᠢᠨ ᠪᠠᠨᠴᠢᠡᠡᠷᠳᠡᠨᠢ · ᠴᠦᠢᠵᠢᠨᠵᠠᠪ᠂ ᠪᠦᠬᠦ ᠤᠯᠤᠰ ᠤᠨ ᠴᠢᠨᠠᠷᠲᠠᠶ | ᠱᠠᠰᠢᠨ ᠰᠤᠷᠲᠠᠬᠤᠨ ᠤ ᠪᠦᠯᠬᠦᠮ ᠤᠨ ᠭᠤᠤᠯ ᠬᠠᠷᠢᠭᠤᠴᠠᠯᠭᠠᠲᠠᠨ᠂ ᠪᠡᠭᠡᠵᠢᠩ ᠳᠤ ᠪᠠᠶᠢᠭ᠎ᠠ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠪᠣᠯᠤᠨ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠢᠯᠢᠳᠡᠭ | ᠴᠢᠳᠠᠪᠤᠷᠢᠲᠠᠨ ᠤ ᠲᠥᠯᠥᠭᠡᠯᠡᠭᠴᠢ᠂ ᠨᠠᠰᠤ ᠪᠠᠷᠠᠭᠰᠠᠨ ᠬᠡᠰᠡᠭ ᠠᠬᠠᠮᠠᠳ ᠨᠥᠬᠦᠳ ᠤᠨ ᠲᠦᠷᠦᠯ ᠰᠠᠳᠤᠨ᠂ | ᠦᠷᠡᠭᠳᠡᠭᠰᠡᠨ ᠪᠠᠭᠠᠲᠤᠷ ᠵᠢᠴᠢ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠬᠥᠮᠦᠰ ᠤᠨ ᠭᠡᠷ ᠪᠦᠯᠢ ᠶᠢᠨ ᠬᠢᠨ᠂ ︽ | ᠨᠠᠮ ᠤᠨ ᠭᠡᠰᠢᠭᠦᠨ ᠪᠤᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠬᠦᠷᠲᠡᠭᠰᠡᠳ ᠤᠨ | ᠲᠥᠯᠥᠭᠡᠯᠡᠭᠴᠢ᠂ 2021 ᠣᠨ ᠳᠤ ᠰᠢᠨ᠎ᠡ ᠪᠠᠷ ᠡᠯᠰᠡᠭᠳᠡᠭᠰᠡᠨ ᠨᠠᠮ ᠤᠨ ᠭᠡᠰᠢᠭᠦᠨ ᠤ ᠲᠥᠯᠥᠭᠡᠯᠡᠭᠴᠢ᠂ ᠪᠦᠬᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ᠂ ᠪᠦᠬᠦ ᠤᠯᠤᠰ ᠤᠨ ᠭᠤᠣᠯᠳᠠᠯᠭ᠎ᠠ ᠲᠠᠢ | ᠬᠠᠷᠠᠭᠠᠯᠵᠠᠬᠤ ᠡᠲᠡᠭᠡᠳ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ᠂ ᠪᠡᠭᠡᠵᠢᠩ ᠳᠤ | ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃ | ᠪᠡᠭᠡᠵᠢᠩ ᠳᠤ ᠪᠠᠶᠢᠭ᠎ᠠ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ ᠪᠣᠯᠤᠨ | ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ᠂ | ᠭᠠᠳᠠᠭᠠᠳᠤ ᠶᠢᠨ ᠲᠤᠰᠬᠠᠢ ᠮᠡᠷᠭᠡᠵᠢᠯᠲᠡᠨ ᠴᠦ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠵᠠᠢ᠃ | |