ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠶᠠᠷᠢᠶ᠎ᠠ | | ︵2021 ᠣᠨ ᠤ 7 ᠰᠠᠷ᠎ᠠ ᠶᠢᠨ 1 ᠤ ᠡᠳᠦᠷ︶ | ᠰᠢ ᠶᠢᠨ ᠫᠢᠩ | ᠨᠥᠬᠦᠳ ᠡ᠂ ᠨᠠᠶᠢᠵᠠ ᠨᠠᠷ ᠡ᠄ | ᠡᠨᠡ ᠡᠳᠦᠷ ᠪᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠳᠤᠮᠳᠠᠳᠤ ᠶᠢᠨ | ᠦᠨᠳᠦᠰᠦᠲᠡᠨ ᠤ ᠲᠡᠦᠬᠡᠨ ᠳᠡᠭᠡᠷ᠎ᠡ ᠴᠥᠮ ᠲᠦᠢᠯ ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ | ᠪᠢᠳᠡ ᠠᠳᠡ ᠦᠪᠡᠳᠡᠭᠰᠢ ᠴᠤᠭᠯᠠᠭᠠᠨ ᠪᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠲᠠᠢ ᠬᠠᠮᠲᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ | ᠪᠡᠯᠭᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ | ᠲᠡᠦᠬᠡᠨ ᠶᠠᠪᠤᠴᠠ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠭᠡᠭᠡᠨ ᠰᠠᠷᠠᠭᠤᠯ ᠢᠷᠡᠭᠡᠳᠦᠢ ᠶᠢ ᠪᠠᠷᠠᠯᠠᠵᠤ ᠪᠠᠶᠢᠨ᠎ᠠ᠃ | ᠡᠩ ᠲᠡᠷᠢᠭᠦᠨ ᠳᠤ᠂ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠦᠬᠦ ᠭᠡᠰᠢᠭᠦᠳ ᠲᠤ ᠪᠠᠶᠠᠷ ᠤᠨ ᠡᠳᠦᠷ ᠤᠨ ᠬᠠᠯᠠᠭᠤᠨ ᠪᠠᠶᠠᠷ ᠬᠦᠷᠭᠡᠵᠦ ᠪᠠᠶᠢᠨ᠎ᠠ︕ | ᠠᠳᠡ᠂ ᠪᠢ ᠨᠠᠮ ᠪᠣᠯᠤᠨ ᠠᠷᠠᠳ ᠲᠦᠮᠡᠨ ᠤ ᠡᠮᠦᠨ᠎ᠡ ᠠᠴᠠ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠲᠠᠮᠵᠢᠵᠦ᠂ ᠪᠢᠳᠡ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ | ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ | ᠤᠷᠤᠭᠰᠢᠯᠠᠵᠤ ᠪᠠᠶᠢᠨ᠎ᠠ ᠭᠡᠵᠦ ᠲᠥᠪ ᠴᠢᠩᠭ᠎ᠠ ᠪᠠᠷ ᠲᠤᠩᠬᠠᠭᠯᠠᠶᠠ᠃ ᠡᠨᠡ ᠪᠣᠯ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠢᠷᠠᠭᠤ ᠠᠯᠳᠠᠷ ᠮᠥᠨ︕ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ | ᠢᠷᠠᠭᠤ ᠠᠯᠳᠠᠷ ᠮᠥᠨ︕ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠢᠷᠠᠭᠤ ᠠᠯᠳᠠᠷ | ᠮᠥᠨ︕ | ᠨᠥᠬᠦᠳ ᠡ᠂ ᠨᠠᠶᠢᠵᠠ ᠨᠠᠷ ᠡ︕ | ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠮᠥᠨ᠂ 5000 | ᠭᠠᠷᠤᠢ ᠵᠢᠯ ᠤᠨ ᠥᠨᠢ ᠤᠳᠠᠭᠠᠨ ᠪᠤᠯᠪᠠᠰᠤᠨ ᠲᠡᠦᠬᠡ ᠲᠠᠢ ᠶᠤᠮ᠂ ᠬᠥᠮᠦᠨ ᠲᠥᠷᠥᠯᠬᠢᠲᠡᠨ ᠤ ᠪᠣᠯᠪᠠᠰᠤᠨ ᠤ | ᠳᠠᠪᠰᠢᠯᠲᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠦᠭᠰᠡᠨ ᠶᠤᠮ᠃ 1840 ᠣᠨ ᠤ ᠬᠠᠷ᠎ᠠ ᠲᠠᠮᠠᠬᠢ ᠶᠢᠨ | ᠲᠠᠶᠢᠨ ᠤ ᠲᠠᠷᠠᠭ᠎ᠠ᠂ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ ᠹᠸᠤᠳᠠᠯ ᠤᠨ | ᠨᠡᠶᠢᠭᠡᠮ ᠳᠤ ᠤᠷᠤᠵᠤ᠂ ᠤᠯᠤᠰ ᠭᠦᠷᠦᠨ ᠭᠤᠳᠤᠭᠠᠯ ᠲᠤᠷᠤᠮᠵᠢᠯᠠᠯ ᠠᠮᠰᠠᠵᠤ᠂ ᠠᠷᠠᠳ ᠲᠦᠮᠡᠨ ᠭᠠᠮᠰᠢᠭ | ᠵᠣᠪᠠᠯᠠᠩ ᠳᠤ ᠤᠨᠠᠵᠤ᠂ ᠰᠤᠶᠤᠯ ᠪᠣᠯᠪᠠᠰᠤᠨ ᠲᠣᠭᠤᠰᠣ ᠲᠤᠷᠳᠤᠭ ᠲᠤ ᠳᠠᠷᠤᠭᠳᠠᠵᠤ᠂ ᠳᠤᠮᠳᠠᠳᠤ ᠶᠢᠨ | ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ ᠵᠤᠪᠠᠯᠠᠩ ᠳᠤ ᠤᠴᠠᠷᠠᠪᠠ᠃ ᠲᠡᠷᠡ ᠦᠶ᠎ᠡ ᠠᠴᠠ ᠡᠬᠢᠯᠡᠨ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ ᠳᠤᠮᠳᠠᠳᠤ ᠤᠯᠤᠰ ᠤᠨ | ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ ᠪᠣᠯᠵᠠᠢ᠃ | ᠦᠨᠳᠦᠰᠦᠲᠡᠨ ᠢᠶᠠᠨ ᠮᠥᠬᠦᠯ ᠤᠨ ᠠᠶᠤᠯ ᠠᠴᠠ ᠠᠪᠤᠷᠠᠬᠤ ᠶᠢᠨ ᠲᠥᠯᠥᠭᠡ᠂ ᠳᠤᠮᠳᠠᠳᠤ ᠤᠯᠤᠰ ᠤᠨ ᠠᠷᠠᠳ | ᠲᠦᠮᠡᠨ ᠪᠠᠭᠠᠲᠤᠷᠯᠢᠭ ᠢᠶᠠᠷ ᠡᠰᠡᠷᠭᠦᠴᠡᠵᠦ᠂ ᠴᠢᠩ ᠵᠤᠷᠢᠭᠳᠠᠨ ᠪᠤᠰᠤᠯᠴᠠᠨ ᠬᠠᠰᠬᠢᠷᠤᠯᠳᠤᠵᠤ᠂ ᠲᠠᠢ ᠫᠢᠩ ᠲᠢᠶᠠᠨ | ᠭᠦᠸᠧ ᠶᠢᠨ ᠬᠥᠳᠡᠯᠭᠡᠭᠡᠨ᠂ ᠰᠢᠷ᠎ᠠ ᠨᠣᠬᠠᠢ ᠵᠢᠯ ᠤᠨ ᠬᠠᠤᠯᠢ ᠶᠢᠨ ᠥᠭᠡᠷᠡᠴᠢᠯᠡᠯᠲᠡ᠂ ᠢ ᠾᠧ ᠲᠤᠸᠠᠨ ᠤ | ᠬᠥᠳᠡᠯᠭᠡᠭᠡᠨ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠵᠠᠯᠭᠠᠭ᠎ᠠ ᠪᠠᠷ ᠥᠷᠨᠢᠵᠦ᠂ ᠡᠯ᠎ᠠ ᠵᠦᠢᠯ ᠤᠨ ᠤᠯᠤᠰ ᠢᠶᠠᠨ | ᠠᠪᠤᠷᠠᠬᠤ ᠲᠥᠰᠦᠯ ᠵᠠᠯᠭᠠᠭ᠎ᠠ ᠪᠠᠷ ᠭᠠᠷᠤᠭᠰᠠᠨ ᠪᠣᠯᠪᠠᠴᠤ ᠴᠥᠮ ᠢᠯᠠᠭᠳᠠᠯ ᠢᠶᠠᠷ ᠲᠡᠭᠦᠰᠪᠡ᠃ ᠳᠤᠮᠳᠠᠳᠤ ᠤᠯᠤᠰ | ᠰᠢᠨ᠎ᠡ ᠦᠵᠡᠯ ᠰᠠᠨᠠᠭ᠎ᠠ ᠪᠠᠷ ᠤᠯᠤᠰ ᠢᠶᠠᠨ ᠠᠪᠤᠷᠠᠬᠤ ᠬᠥᠳᠡᠯᠭᠡᠭᠡᠨ ᠢ ᠬᠦᠲᠦᠯᠦᠨ ᠳᠠᠭᠠᠭᠤᠯᠬᠤ ᠶᠢ ᠲᠤᠯᠭᠠᠮ | ᠱᠠᠭᠠᠷᠳᠠᠵᠤ᠂ ᠰᠢᠨ᠎ᠡ ᠵᠣᠬᠢᠶᠠᠨ ᠪᠠᠶᠢᠭᠤᠯᠤᠯᠲᠠ ᠪᠠᠷ ᠬᠤᠪᠢᠰᠬᠠᠯ ᠤᠨ ᠬᠦᠴᠦᠨ ᠢ ᠨᠢᠭᠲᠠᠷᠠᠭᠤᠯᠬᠤ ᠶᠢ ᠲᠤᠯᠭᠠᠮ | ᠱᠠᠭᠠᠷᠳᠠᠵᠤ ᠪᠠᠶᠢᠪᠠ᠃ | ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠲᠠᠭᠤᠨ ᠳᠤᠮᠳᠠᠳᠤ ᠤᠯᠤᠰ ᠲᠤ ᠮᠠᠷᠺᠰ ᠯᠧᠨᠢᠨ ᠤ ᠦᠵᠡᠯ ᠢ | ᠠᠪᠴᠢᠷᠠᠵᠤ ᠥᠭᠪᠡ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠭᠡᠭᠡᠷᠡᠯᠳᠡ ᠶᠢᠨ ᠶᠠᠪᠤᠴᠠ ᠳᠤ᠂ ᠮᠠᠷᠺᠰ ᠯᠧᠨᠢᠨ ᠤ ᠦᠵᠡᠯ ᠪᠤᠯᠤᠨ ᠳᠤᠮᠳᠠᠳᠤ ᠤᠯᠤᠰ ᠤᠨ ᠠᠵᠢᠯᠴᠢᠨ ᠤ | ᠬᠥᠳᠡᠯᠭᠡᠭᠡᠨ ᠨᠢᠭᠲᠠ ᠤᠶᠠᠯᠳᠤᠬᠤ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠴᠠᠭ ᠤᠨ | ᠪᠠᠶᠢᠳᠠᠯ ᠢ ᠲᠠᠭᠠᠨ ᠮᠡᠨᠳᠦᠯᠡᠵᠡᠢ᠃ ᠳᠤᠮᠳᠠᠳᠤ ᠤᠯᠤᠰ ᠲᠤ ᠡᠪ ᠬᠠᠮᠲᠤ ᠨᠠᠮ ᠮᠡᠨᠳᠦᠯᠡᠪᠠ᠂ ᠡᠨᠡ ᠪᠣᠯ ᠤᠷᠢᠳ | ᠡᠮᠦᠨ᠎ᠡ ᠭᠠᠷᠤᠭ᠎ᠠ ᠦᠬᠡᠢ ᠶᠡᠭᠡ ᠬᠡᠷᠡᠭ ᠬᠤᠪᠢᠰᠤᠯ ᠪᠤᠯᠤᠨ᠎ᠠ᠂ ᠡᠨᠡ ᠨᠢ ᠣᠷᠴᠢᠨ ᠦᠶ᠎ᠡ ᠠᠴᠠ ᠨᠠᠭᠠᠰᠢᠬᠢ | ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠴᠢᠭᠯᠡᠯ ᠪᠠ ᠠᠬᠢᠴᠠ ᠶᠢ ᠭᠦᠨᠵᠡᠭᠡᠢ ᠬᠤᠪᠢᠷᠠᠭᠤᠯᠵᠤ᠂ | ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠪᠠ ᠬᠤᠪᠢ | ᠵᠠᠶᠠᠭ᠎ᠠ ᠶᠢ ᠭᠦᠨᠵᠡᠭᠡᠢ ᠬᠤᠪᠢᠷᠠᠭᠤᠯᠵᠤ᠂ ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠭᠦᠨᠵᠡᠭᠡᠢ | ᠬᠤᠪᠢᠷᠠᠭᠤᠯᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ | ᠵᠣᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ | ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢᠭᠡ ᠭᠤᠣᠯ ᠰᠡᠳᠦᠪ ᠪᠣᠯᠤᠨ᠎ᠠ᠃ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠪᠢᠳᠡ ᠤᠮᠠᠷᠠᠰᠢ ᠳᠠᠶᠢᠯᠠᠬᠤ ᠲᠠᠶᠢᠨ᠂ ᠭᠠᠵᠠᠷ | ᠲᠠᠷᠢᠶᠠᠨ ᠤ ᠬᠤᠪᠢᠰᠬᠠᠯᠲᠤ ᠲᠠᠶᠢᠨ᠂ ᠶᠠᠫᠣᠨ ᠢ ᠡᠰᠡᠷᠭᠦᠴᠡᠬᠦ ᠲᠠᠶᠢᠨ᠂ ᠴᠢᠯᠥᠭᠡᠯᠡᠬᠦ ᠲᠠᠶᠢᠨ ᠢ ᠥᠩᠭᠡᠷᠡᠭᠡᠵᠦ᠂ | ᠵᠡᠪᠰᠡᠭᠲᠦ ᠬᠤᠪᠢᠰᠬᠠᠯ ᠢᠶᠠᠷ ᠵᠡᠪᠰᠡᠭᠲᠦ ᠬᠤᠪᠢᠰᠬᠠᠯ ᠤᠨ ᠡᠰᠡᠷᠭᠦᠴᠦᠳ ᠢ ᠡᠰᠡᠷᠭᠦᠴᠡᠵᠦ᠂ ᠡᠵᠡᠷᠬᠡᠭ ᠲᠦᠷᠢᠮᠡᠬᠡᠢ | ᠶᠣᠰᠣ᠂ ᠹᠸᠤᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠵᠡᠷᠭᠡ ᠭᠤᠷᠪᠠᠨ ᠶᠡᠭᠡ ᠠᠭᠤᠯᠠ ᠶᠢ ᠲᠦᠯᠬᠢᠨ ᠤᠨᠠᠭᠠᠵᠤ | ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ | ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠪᠡ᠃ | ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠨᠢ ᠬᠠᠭᠤᠴᠢᠨ ᠳᠤᠮᠳᠠᠳᠤ ᠤᠯᠤᠰ ᠤᠨ ᠬᠠᠭᠠᠰ ᠺᠣᠯᠣᠨᠢ | ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠬᠠᠭᠤᠴᠢᠨ ᠳᠤᠮᠳᠠᠳᠤ | ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ ᠤᠯᠤᠰ ᠤᠳ ᠤᠨ | ᠳᠤᠮᠳᠠᠳᠤ ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠣᠯᠤᠨ ᠡᠵᠡᠷᠬᠡᠭ ᠲᠦᠷᠢᠮᠡᠬᠡᠶ ᠶᠣᠰᠣᠨ ᠤ | ᠳᠤᠮᠳᠠᠳᠤ ᠤᠯᠤᠰ ᠲᠠᠬᠢ ᠠᠯᠢᠪᠠ ᠣᠨᠴᠠ ᠡᠷᠬᠡ ᠶᠢ ᠲᠦᠢᠯᠪᠤᠷᠢᠲᠠᠶ ᠤᠰᠠᠳᠬᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠨᠡᠶᠢᠭᠡᠮ ᠤᠨ ᠨᠥᠬᠦᠴᠡᠯ ᠢ | ᠪᠦᠷᠢᠯᠳᠦᠭᠦᠯᠵᠦ ᠥᠭᠴᠡᠶ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ | ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠤᠯᠤᠰ ᠤᠨ ᠠᠷᠠᠳ ᠲᠦᠮᠡᠨ | ᠪᠣᠰᠴᠤ ᠵᠣᠭᠰᠣᠯ᠎ᠠ᠂ ᠳᠤᠮᠳᠠᠳᠤ ᠶᠢᠨ ᠦᠨᠳᠦᠰᠦᠲᠡᠨ ᠬᠥᠮᠦᠨ ᠪᠦᠬᠦᠨ ᠳᠤ ᠳᠠᠷᠤᠯᠠᠭᠳᠠᠵᠤ᠂ ᠳᠠᠷᠤᠯᠠᠯ | ᠲᠤᠷᠤᠮᠵᠢᠯᠠᠯ ᠢ ᠬᠠᠰᠢᠷᠠᠲᠠᠯ᠎ᠠ ᠠᠮᠰᠠᠭᠰᠠᠨ ᠴᠠᠭ ᠦᠶ᠎ᠡ ᠪᠤᠴᠠᠯᠲᠠ ᠦᠭᠡᠢ ᠡᠴᠦᠰᠯᠡᠵᠡᠢ ᠭᠡᠵᠤ ᠳᠡᠯᠡᠬᠡᠢ ᠳ᠋ᠠᠬᠢᠨ ᠳᠤ | ᠲᠥᠪ ᠴᠢᠩᠭ᠎ᠠ ᠪᠠᠷ ᠲᠤᠩᠬᠠᠭᠯᠠᠪᠠ︕ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ | ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠪᠢᠳᠡ | ᠨᠡᠶᠢᠭᠡᠮ ᠵᠢᠷᠤᠮᠲᠤ ᠬᠤᠪᠢᠰᠬᠠᠯ ᠬᠢᠵᠦ᠂ ᠳᠤᠮᠳᠠᠳᠤ ᠤᠯᠤᠰ ᠲᠤ ᠬᠡᠳᠦᠨ ᠮᠢᠩᠭᠠᠨ ᠵᠢᠯ ᠦᠷᠭᠦᠯᠵᠢᠯᠡᠭᠰᠡᠨ | ᠹᠸᠤᠳᠠᠯ ᠤᠨ ᠲᠠᠷᠤᠯᠠᠯ ᠮᠦᠯᠵᠢᠯᠳᠤ ᠪᠠᠶᠢᠭᠤᠯᠤᠯ ᠢ ᠤᠰᠠᠳᠬᠠᠵᠤ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ | ᠲᠣᠭᠲᠠᠭᠠᠵᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠵᠡᠷᠬᠡᠭ ᠲᠦᠷᠢᠮᠡᠬᠡᠢ ᠶᠣᠰᠣ᠂ | ᠡᠵᠡᠷᠬᠡᠬᠦ ᠦᠵᠡᠯ ᠤᠨ ᠨᠤᠷᠠᠭᠠᠯᠲᠠ ᠡᠪᠳᠡᠯᠡᠭᠡ ᠪᠠ ᠵᠡᠪᠰᠡᠭᠲᠦ ᠥᠳᠥᠭᠡᠯᠭᠡ ᠶᠢ ᠢᠯᠠᠵᠤ᠂ ᠳᠤᠮᠳᠠᠳᠤ ᠶᠢᠨ | ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ | ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠣᠨ᠂ ᠬᠥᠮᠦᠨ ᠠᠮᠠ ᠤᠯᠠᠨ ᠳᠣᠷᠣᠨᠠᠳᠠᠬᠢᠨ ᠤ ᠶᠡᠭᠡ ᠤᠯᠤᠰ | ᠲᠤᠮᠤ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠲᠠᠪᠰᠢᠨ ᠤᠷᠤᠬᠰᠠᠨ ᠠᠭᠤᠤ ᠶᠡᠭᠡ ᠦᠰᠦᠷᠦᠯᠲᠡ ᠶᠢ | ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠦᠨᠳᠦᠰᠦᠨ ᠤᠯᠤᠰ ᠲᠦᠷᠦ ᠶᠢᠨ ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠴᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ | ᠦᠭᠡᠢ ᠲᠡᠮᠡᠴᠡᠯ ᠢᠶᠠᠷ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠡᠭᠡᠨ | ᠴᠢᠳᠠᠮᠠᠭᠠᠢ ᠪᠠᠶᠢᠬᠤ ᠪᠠᠷ ᠪᠠᠷᠠᠬᠤ ᠦᠭᠡᠢ ᠪᠠᠰᠠ ᠰᠢᠨ᠎ᠡ ᠶᠢᠷᠲᠢᠨᠴᠦ ᠶᠢ ᠪᠠᠶᠢᠭᠤᠯᠬᠤ ᠳᠠᠭᠠᠨ ᠴᠤ ᠴᠢᠳᠠᠮᠠᠭᠠᠢ ᠪᠠᠶᠢᠭ᠎ᠠ | ᠶᠤᠮ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ | ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠵᠤ ᠲᠡᠯᠡᠭᠡᠢ ᠳ᠋ᠠᠬᠢᠨ ᠳᠤ ᠲᠦᠪ ᠴᠢᠩᠭ᠎ᠠ ᠪᠠᠷ | ᠲᠤᠩᠬᠠᠬᠯᠠᠪᠠ︕ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠵᠤᠷᠢᠬᠳᠠᠢ ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ | ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠤᠭᠡᠨ ᠪᠠᠶᠢᠭᠤᠯᠤᠯᠲᠠ ᠶᠢᠨ ᠠᠭᠤᠤ ᠶᠡᠭᠡ | ᠠᠮᠵᠢᠯᠲᠠ ᠶᠢ ᠡᠭᠦᠳᠦᠭᠰᠡᠨ ᠶᠤᠮ᠃ ᠪᠢᠳᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ | ᠨᠠᠮ ᠤᠨ ᠲᠡᠦᠬᠡᠨ ᠳᠡᠭᠡᠷᠡᠬᠢ ᠠᠯᠤᠰ ᠬᠡᠳᠦ ᠶᠢᠨ ᠠᠴᠢ ᠬᠤᠯᠪᠣᠭᠳᠠᠯ ᠲᠠᠢ ᠠᠭᠤᠤ ᠶᠡᠭᠡ ᠡᠷᠭᠢᠯᠲᠡ ᠶᠢ ᠪᠡᠶᠡᠯᠡᠭᠦᠯᠵᠤ᠂ | ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠨᠠᠮ ᠤᠨ ᠦᠨᠳᠦᠰᠦᠨ ᠱᠤᠭᠤᠮ ᠢ ᠲᠣᠭᠲᠠᠭᠠᠵᠤ᠂ | ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠡᠯ᠎ᠡ ᠲᠠᠯ᠎ᠠ ᠶᠢᠨ ᠠᠶᠤᠯ ᠲᠦᠭᠰᠢᠭᠦᠷᠢ | ᠥᠷᠢᠰᠥᠯᠳᠦᠭᠡᠨ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠡᠭᠦᠳᠦᠨ | ᠪᠠᠶᠢᠭᠤᠯᠵᠤ᠂ ᠪᠠᠷᠢᠮᠲᠠᠯᠠᠵᠦ᠂ ᠬᠠᠮᠠᠭᠠᠯᠠᠵᠤ᠂ ᠬᠥᠭᠵᠢᠭᠦᠯᠵᠤ᠂ ᠳᠡᠭᠡᠳᠦ ᠬᠡᠮᠵᠢᠶ᠎ᠡ ᠪᠠᠷ ᠲᠥᠪᠯᠡᠷᠡᠭᠰᠡᠨ ᠲᠥᠯᠥᠪᠯᠡᠭᠡᠲᠦ | ᠠᠵᠤ ᠠᠬᠤᠶ ᠶᠢᠨ ᠪᠠᠶᠢᠭᠤᠯᠤᠮᠵᠢ ᠠᠴᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠬᠦᠷᠲᠡᠯ᠎ᠡ᠂ ᠲᠦᠭᠵᠢᠮᠡᠯ ᠬᠠᠭᠠᠰ ᠲᠦᠭᠵᠢᠮᠡᠯ ᠪᠠᠶᠢᠳᠠᠯ ᠠᠴᠠ ᠪᠦᠬᠦ | ᠲᠠᠯ᠎ᠠ ᠪᠠᠷ ᠨᠡᠭᠡᠭᠡᠯᠲᠡ ᠬᠢᠬᠦ ᠬᠦᠷᠳᠡᠯᠡᠬᠢ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠤ᠂ ᠦᠢᠯᠡᠳᠪᠦᠷᠢᠯᠡᠯ ᠤᠨ | ᠬᠦᠴᠦᠨ ᠬᠠᠷᠢᠴᠠᠩᠭᠤᠶ ᠪᠠᠷ ᠬᠤᠴᠣᠷᠤᠩᠭᠤᠶ ᠪᠠᠶᠢᠭᠰᠠᠨ ᠠᠴᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ | ᠳᠡᠯᠡᠬᠡᠶ ᠶᠢᠨ ᠬᠤᠶᠠᠳᠤᠭᠠᠷ ᠲᠤ ᠤᠷᠤᠭᠰᠠᠨ ᠲᠡᠦᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠤᠨ᠂ ᠠᠷᠠᠳ ᠤᠨ | ᠠᠮᠢᠳᠤᠷᠠᠯ ᠢᠳᠡᠵᠦ ᠡᠮᠦᠰᠬᠦ ᠳᠡᠭᠡᠨ ᠵᠥᠪ ᠦᠭᠡᠢ ᠪᠠᠶᠢᠭᠰᠠᠨ ᠠᠴᠠ ᠶᠡᠷᠦᠩᠬᠡᠶ ᠳᠡᠭᠡᠨ ᠴᠢᠨᠡᠭᠡᠯᠢᠭ ᠪᠣᠯᠬᠤ᠂ ᠪᠦᠬᠦ | ᠲᠠᠯ᠎ᠠ ᠪᠠᠷ ᠴᠢᠨᠡᠭᠡᠯᠢᠭᠵᠢᠬᠦ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠪᠠᠶᠢᠭᠤᠯᠤᠮᠵᠢ ᠶᠢᠨ ᠪᠠᠲᠤᠯᠠᠭ᠎ᠠ ᠪᠠ ᠲᠦᠷᠭᠡᠨ ᠬᠥᠭᠵᠢᠬᠦ ᠪᠣᠳᠠᠰ ᠤᠨ ᠨᠥᠬᠦᠴᠡᠯ ᠢ ᠬᠠᠩᠭᠠᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ | ᠦᠭᠡᠢ ᠲᠡᠮᠡᠴᠡᠯ ᠢᠶᠠᠷ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠢᠷᠡᠭᠡᠳᠦᠢ | ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ | ᠦᠶ᠎ᠡ ᠶᠢ ᠬᠥᠭᠡᠭᠡᠵᠦ ᠭᠦᠢᠴᠡᠵᠡᠢ ᠭᠡᠵᠦ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ︕ | — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠡᠷᠬᠢᠮᠯᠠᠨ | ᠰᠢᠨ᠎ᠡ ᠶᠢ ᠡᠭᠦᠳᠴᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ | ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ | ᠦᠶ᠎ᠡ ᠳᠤ ᠣᠷᠣᠵᠤ᠂ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ︽ | ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠤᠨ ᠠᠬᠢᠭᠤᠯᠵᠤ | ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ | ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠵᠤ᠂ ᠲᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠡᠯᠢᠶᠡᠳ | ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠤ᠂ ᠠᠯᠢ | ᠣᠯᠠᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠨᠢᠭᠡᠳᠦᠭᠡᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ | ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠶᠢ ᠲᠣᠳᠣᠷᠬᠠᠶᠢᠯᠠᠵᠤ᠂ ᠨᠠᠮ ᠪᠣᠯᠤᠨ ᠤᠯᠤᠰ ᠤᠨ ᠠᠵᠢᠯ ᠦᠢᠯᠡᠰ | ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠠᠩ ᠪᠦᠷᠢᠨ ᠲᠡᠭᠦᠯᠳᠡᠷ ᠳᠦᠷᠢᠮ ᠤᠨ | ᠪᠠᠲᠤᠯᠠᠭ᠎ᠠ᠂ ᠨᠠᠩ ᠪᠠᠲᠤ ᠪᠠᠬᠢ ᠪᠣᠳᠠᠰ ᠤᠨ ᠰᠠᠭᠤᠷᠢ᠂ ᠨᠠᠩ ᠰᠠᠨᠠᠭᠠᠴᠢᠯᠠᠭᠠᠳᠤ ᠣᠶᠤᠨ ᠰᠠᠨᠠᠭᠠᠨ ᠤ ᠬᠦᠴᠦᠨ ᠢ | ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ | ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ | ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠡᠶᠡᠯᠡᠭᠳᠡᠭᠦ ᠨᠢ ᠰᠦᠷᠦᠰᠢ ᠦᠭᠡᠢ ᠲᠡᠦᠭᠡᠨ ᠤᠷᠤᠰᠬᠠᠯ ᠪᠤᠯᠪᠠ | ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠨᠠᠨᠳᠢᠨ ᠠᠮᠢ ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ ᠦᠯᠡᠮᠵᠢ | ᠂ ᠨᠡᠷᠡᠨ ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠪᠤᠯᠭᠠᠬᠤ︾ ᠣᠮᠤᠭ ᠵᠣᠷᠢᠭ ᠢᠶᠠᠷ ᠳᠤᠮᠳᠠᠳᠤ ᠶᠢᠨ | ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠭᠠᠶᠢᠬᠠᠮᠰᠢᠬᠳᠦ ᠲᠤᠤᠯᠢᠰ ᠢ | ᠪᠢᠴᠢᠭᠯᠡᠪᠡ᠃ ᠡᠨᠡᠬᠦ ᠵᠠᠭᠤᠨ ᠵᠢᠯ ᠤᠨ ᠲᠤᠷᠰᠢ ᠨᠡᠭᠡᠭᠡᠭᠰᠡᠨ ᠠᠭᠤᠤ ᠶᠡᠭᠡ ᠵᠠᠮ᠂ ᠴᠤᠬᠴᠠᠯᠠᠬᠰᠠᠨ ᠠᠭᠤᠤ ᠶᠡᠭᠡ | ᠦᠢᠯᠡᠰ᠂ ᠣᠯᠤᠭᠰᠠᠨ ᠠᠭᠤᠤ ᠶᠡᠭᠡ ᠠᠮᠵᠢᠯᠲᠠ ᠨᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ | ᠬᠠᠭᠤᠳᠠᠰᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ ᠬᠠᠭᠤᠳᠠᠰᠤᠨ᠎ᠠ | ᠲᠡᠮᠳᠡᠭᠯᠡᠭᠳᠡᠬᠦ ᠨᠢ ᠯᠠᠪᠲᠠᠢ ᠶᠤᠮ︕ | ᠨᠥᠬᠦᠳ ᠡ᠂ ᠨᠠᠶᠢᠵᠠ ᠨᠠᠷ ᠡ︕ | ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ ᠤᠯᠤᠰ ᠤᠨ | ᠡᠪ ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ | ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ | ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ | ᠲᠦᠮᠡᠨ ᠳᠡᠭᠡᠨ ᠣᠰᠣᠯᠳᠠᠬᠤ ᠦᠭᠡᠢ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ | ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃ | ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ | ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ | ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠶᠢᠨ ᠬᠡᠪ | ᠴᠢᠨᠠᠷ ᠢ ᠳᠠᠪᠲᠠᠨ ᠪᠣᠯᠪᠠᠰᠤᠷᠠᠭᠤᠯᠪᠠ᠃ ᠲᠡᠦᠬᠡ ᠶᠢᠨ ᠤᠷᠤᠰᠬᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ ᠶᠢᠨ | ᠦᠶ᠎ᠡ ᠳᠤ ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ | ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ | ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ︕ | ᠨᠥᠬᠦᠳ ᠡ᠂ ᠨᠠᠶᠢᠵᠠ ᠨᠠᠷ ᠡ︕ | ᠵᠠᠭᠤᠨ ᠵᠢᠯ ᠤᠨ ᠲᠤᠷᠰᠢ᠂ ᠮᠠᠨ ᠤ ᠣᠯᠤᠭᠰᠠᠨ ᠠᠯᠢᠪᠠ ᠠᠮᠵᠢᠯᠲᠠ ᠪᠣᠯ ᠳᠤᠮᠳᠠᠳᠤ ᠤᠯᠤᠰ ᠤᠨ ᠡᠪ | ᠬᠠᠮᠲᠤᠴᠤᠳ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠮᠠᠤ ᠽᠧ ᠳ᠋ᠦᠩ ᠨᠥᠬᠦᠷ᠂ ᠳ᠋ᠧᠩ ᠰᠢᠶᠤᠤ ᠫᠢᠩ ᠨᠥᠬᠦᠷ᠂ ᠵᠢᠶᠠᠩ ᠽᠧ | ᠮᠢᠨ ᠨᠥᠬᠦᠷ᠂ ᠬᠤ᠋ ᠶᠢᠨ ᠲᠤᠤ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠦᠯᠦᠭᠡ ᠲᠡᠦᠬᠡ | ᠰᠤᠳᠤᠷ ᠢ ᠭᠡᠶᠢᠭᠦᠯᠦᠭᠰᠡᠨ ᠠᠭᠤᠤ ᠶᠡᠭᠡ ᠭᠠᠪᠢᠶ᠎ᠠ ᠵᠢᠳᠬᠦᠯ ᠪᠠᠶᠢᠭᠤᠯᠪᠠ︕ ᠪᠢᠳᠡ ᠲᠡᠳᠡᠨ ᠳᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠡᠨᠡ ᠬᠦ ᠴᠠᠭ ᠮᠥᠴᠡ ᠳᠤ᠂ ᠪᠢᠳᠡ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠬᠤ᠂ ᠪᠠᠬᠢᠵᠢᠭᠦᠯᠬᠦ᠂ | ᠬᠥᠭᠵᠢᠭᠦᠯᠬᠦ ᠶᠢᠨ ᠲᠥᠯᠥᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠮᠠᠤ ᠽᠧ ᠳ᠋ᠦᠩ᠂ ᠵᠧᠦ ᠡᠸ᠋ᠨ ᠯᠠᠢ᠂ | ᠯᠢᠦ ᠱᠤᠤ ᠴᠢ᠂ ᠵᠤ᠋ ᠳ᠋ᠧ᠂ ᠳ᠋ᠧᠩ ᠰᠢᠶᠤᠤ ᠫᠢᠩ᠂ ᠴᠧᠨ ᠶᠦᠨ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠢ ᠭᠦᠨ ᠮᠥᠷᠥᠭᠡᠳᠦᠨ ᠰᠠᠨᠠᠭᠠᠯᠵᠠᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ | ᠪᠦᠳᠦᠭᠡᠨ ᠪᠠᠶᠢᠭᠤᠯᠬᠤ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠬᠤᠪᠢᠰᠬᠠᠯ ᠤᠨ | ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ | ᠵᠢᠷᠤᠮ ᠤᠨ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ | ᠪᠡᠶ᠎ᠡ ᠪᠠᠨ ᠵᠣᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ | ᠤᠢᠢᠷ᠎ᠠ ᠦᠶ᠎ᠡ ᠠᠴᠠ ᠨᠠᠭᠠᠰᠢᠬᠢ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ | ᠴᠢᠯᠥᠭᠡᠯᠡᠯᠲᠡ ᠶᠢᠨ ᠲᠥᠯᠥᠭᠡ ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ ᠢ ᠬᠦᠨ ᠮᠦᠷᠤᠬᠡᠳᠤᠨ | ᠰᠠᠨᠠᠭᠠᠯᠵᠠᠵᠤ ᠪᠠᠶᠢᠨ᠎ᠠ᠃ ᠲᠡᠳᠡᠨ ᠤ ᠡᠬᠡ ᠤᠯᠤᠰ ᠪᠣᠯᠤᠨ ᠦᠨᠳᠦᠰᠦᠲᠡᠨ ᠤ ᠪᠠᠨ ᠲᠥᠯᠥᠭᠡ ᠪᠠᠶᠢᠭᠤᠯᠤᠭᠰᠠᠨ | ᠠᠭᠤᠤ ᠭᠠᠪᠢᠶ᠎ᠠ ᠠᠤᠭ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ︕ ᠲᠡᠳᠡᠨ ᠤ | ᠡᠷᠬᠢᠮ ᠳᠡᠭᠡᠳᠦ ᠵᠣᠷᠢᠭ ᠰᠠᠨᠠᠭ᠎ᠠ ᠨᠢ ᠠᠷᠠᠳ ᠲᠦᠮᠡᠨ ᠤ ᠰᠡᠳᠬᠢᠯ ᠳᠤ ᠡᠭᠦᠷᠢᠳᠡ ᠬᠠᠳᠠᠩᠰᠢᠬᠤ ᠶᠤᠮ︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭᠠᠲᠤᠷ ᠮᠥᠨ᠃ ᠪᠢ | ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠠᠵᠢᠯᠴᠢᠨ᠂ ᠲᠠᠷᠢᠶᠠᠴᠢᠨ᠂ | ᠰᠡᠬᠡᠭᠡᠲᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ | ᠪᠦᠯᠬᠦᠮ᠂ ᠡᠯ᠎ᠡ ᠡᠲᠡᠭᠡᠳ ᠤᠨ ᠡᠬᠡ ᠣᠷᠣᠨᠴᠢ ᠬᠥᠮᠦᠰ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ | ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ | ᠵᠢᠯᠤᠭᠤᠳᠤᠬᠴᠢ ᠪᠠᠶᠢᠯᠳᠤᠭᠴᠢ᠂ ᠪᠦᠬᠦ ᠨᠡᠶᠢᠭᠡᠮ ᠵᠢᠷᠤᠮ ᠤᠨ ᠬᠥᠳᠡᠯᠮᠦᠷᠢᠴᠢᠨ᠂ ᠨᠢᠭᠡᠳᠦᠮᠡᠯ ᠹᠷᠣᠨᠲ ᠤᠨ ᠥᠷᠭᠡᠨ | ᠤᠯᠠᠨ ᠪᠦᠷᠢᠯᠳᠦᠬᠦᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠦᠶ᠎ᠠ︕ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ | ᠪᠣᠯᠤᠨ ᠲᠠᠶᠢᠸᠠᠨ ᠤ ᠠᠬ᠎ᠠ ᠳᠡᠭᠦᠦ ᠨᠡᠷ ᠵᠢᠴᠢ ᠥᠷᠭᠡᠨ ᠤᠯᠠᠨ ᠳᠤᠮᠳᠠᠳᠤ ᠶᠢᠨ ᠬᠠᠷᠢᠶᠠᠲᠤ ᠨᠡᠷ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ︕ ᠳᠤᠮᠳᠠᠳᠤ ᠤᠯᠤᠰ ᠤᠨ ᠠᠷᠠᠳ ᠲᠦᠮᠡᠨ ᠲᠠᠢ ᠨᠥᠬᠦᠷᠰᠡᠭ ᠢᠶᠠᠷ | ᠶᠠᠪᠤᠯᠴᠠᠵᠤ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ | ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠠᠷᠠᠳ ᠲᠦᠮᠡᠨ ᠪᠠ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠨᠥᠬᠦᠳ ᠡ᠂ ᠨᠠᠶᠢᠵᠠ ᠨᠠᠷ ᠡ︕ | ᠤᠭ ᠰᠠᠨᠠᠭ᠎ᠠ ᠶᠢ ᠲᠤᠬᠳᠠᠭᠠᠬᠤ ᠳᠤ ᠬᠢᠯᠪᠠᠷ᠂ ᠢᠮᠠᠭᠲᠠ ᠵᠢᠷᠤᠮᠯᠠᠬᠤ ᠳᠤ ᠬᠦᠴᠢᠷ᠃ ᠲᠡᠦᠬᠡ ᠪᠠᠷ ᠲᠤᠯᠢ | ᠪᠣᠯᠭᠠᠪᠠᠯ᠂ ᠲᠦᠷᠦ ᠭᠦᠷᠦᠨ ᠤ ᠮᠠᠨᠳᠤᠵᠤ ᠮᠥᠬᠦᠬᠦ ᠰᠤᠯᠢᠬᠳᠠᠬᠤ ᠶᠤᠰᠤ ᠶᠢ ᠮᠡᠳᠡᠵᠦ ᠪᠣᠯᠤᠨ᠎ᠠ᠃ ᠪᠢᠳᠡ | ᠲᠡᠦᠬᠡ ᠪᠠᠷ ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ | ᠴᠢᠳᠠᠭᠰᠠᠨ ᠢ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ | ᠲᠣᠳᠣᠷᠬᠠᠢ ᠣᠶᠢᠯᠠᠭᠠᠵᠤ᠂ ᠡᠭᠦᠨ ᠤ ᠤᠯᠠᠮ ᠢᠶᠠᠷ ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ | ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ | ᠢᠷᠡᠭᠡᠳᠦᠢ ᠪᠠᠨ ᠴᠣᠭᠴᠠᠯᠠᠬᠤ ᠬᠡᠷᠡᠭᠲᠡᠢ᠃ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠤᠴᠢᠷ | ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠳᠤᠮᠳᠠᠳᠤ ᠶᠢᠨ ᠦᠨᠳᠦᠰᠦᠲᠡᠨ ᠤ ᠤᠢᠢᠷ᠎ᠠ | ᠦᠶ᠎ᠡ ᠠᠴᠠ ᠨᠠᠭᠠᠰᠢᠬᠢ 180 ᠭᠠᠷᠤᠢ ᠵᠢᠯ ᠤᠨ ᠲᠡᠦᠬᠡ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠠᠴᠠ ᠨᠠᠭᠠᠰᠢᠬᠢ 100 ᠵᠢᠯ ᠤᠨ ᠲᠡᠦᠬᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ 70 ᠭᠠᠷᠤᠢ ᠵᠢᠯ ᠤᠨ ᠲᠡᠦᠬᠡ ᠴᠥᠮ ᠳᠤᠮᠳᠠᠳᠤ ᠤᠯᠤᠰ ᠤᠨ ᠡᠪ ᠬᠠᠮᠲᠤ | ᠨᠠᠮ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠦ ᠴᠢᠳᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ ᠭᠦᠢᠴᠡᠳ ᠭᠡᠷᠡᠴᠢᠯᠡᠪᠡ᠃ ᠲᠡᠦᠬᠡ ᠪᠠ ᠠᠷᠠᠳ | ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠢᠯᠠ ᠲᠤᠳᠤ | ᠮᠥᠨ ᠴᠢᠨᠠᠷ ᠤᠨ ᠣᠨᠴᠠᠯᠢᠭ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ | ᠬᠠᠮᠤᠭ ᠤᠨ ᠶᠡᠭᠡ ᠳᠠᠪᠠᠭᠤᠯᠢᠭ ᠮᠥᠨ᠂ ᠨᠠᠮ ᠪᠣᠯᠤᠨ ᠤᠯᠤᠰ ᠤᠨ ᠦᠨᠳᠦᠰᠦ ᠰᠠᠭᠤᠷᠢ᠂ ᠠᠮᠢᠨ ᠰᠤᠳᠠᠰᠤ ᠮᠥᠨ᠂ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ᠂ ᠬᠤᠪᠢ ᠵᠠᠶᠠᠭ᠎ᠠ ᠲᠠᠢ | ᠬᠤᠯᠪᠣᠭᠳᠠᠵᠤ ᠪᠠᠶᠢᠭ᠎ᠠ ᠶᠤᠮ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ᠂ | ᠠᠷᠠᠳᠴᠢᠯᠠᠯ ᠢᠶᠠᠷ ᠲᠥᠷᠥ ᠪᠠᠷᠢᠬᠤ᠂ ᠬᠠᠤᠯᠢ ᠶᠣᠰᠣᠭᠠᠷ ᠲᠥᠷᠥ ᠪᠠᠷᠢᠬᠤ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠨᠠᠮ ᠤᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠵᠤ | ᠤᠳᠤᠷᠢᠳᠬᠤ ᠭᠤᠤᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ | ᠲᠡᠮᠡᠴᠡᠬᠦ ᠬᠡᠷᠡᠭᠲᠡᠢ᠃ ᠲᠥᠷᠥ ᠵᠠᠰᠠᠭ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ ᠵᠠᠰᠠᠭ ᠮᠦᠨ᠂ | ᠲᠥᠷᠥ ᠵᠠᠰᠠᠭ ᠢ ᠪᠠᠶᠢᠭᠤᠯᠬᠤ᠂ ᠲᠥᠷᠥ ᠵᠠᠰᠠᠭ ᠢ ᠰᠠᠬᠢᠬᠤ ᠨᠢ ᠠᠷᠠᠳ ᠲᠦᠮᠡᠨ ᠤ ᠰᠡᠳᠬᠢᠯ ᠢ ᠰᠠᠬᠢᠵᠦ ᠪᠠᠶᠢᠭ᠎ᠠ | ᠶᠠᠪᠤᠳᠠᠯ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ | ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ᠃ ᠳᠤᠮᠳᠠᠳᠤ ᠤᠯᠤᠰ ᠤᠨ | ᠡᠪ ᠬᠠᠮᠲᠤ ᠨᠠᠮ ᠢᠮᠠᠭᠲᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠲᠥᠯᠥᠭᠡᠯᠡᠵᠦ᠂ ᠠᠷᠠᠳ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠦᠬᠦᠵᠦ ᠰᠡᠭᠡᠬᠦ ᠪᠠᠨ | ᠬᠠᠮᠲᠤᠳᠬᠠᠵᠤ ᠪᠠᠶᠢᠭ᠎ᠠ ᠶᠤᠮ᠂ ᠶᠠᠮᠠᠷ ᠴᠤ ᠥᠪᠡᠷ ᠤᠨ ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ | ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ᠂ ᠶᠠᠮᠠᠷᠪᠠ ᠡᠷᠬᠡ ᠰᠦᠷᠲᠦ ᠪᠦᠯᠬᠦᠮ᠂ ᠶᠠᠮᠠᠷᠪᠠ ᠣᠨᠴᠠ | ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ ᠦᠭᠡᠢ ᠶᠤᠮ᠃ ᠳᠤᠮᠳᠠᠳᠤ ᠤᠯᠤᠰ ᠤᠨ ᠡᠪ ᠬᠠᠮᠲᠤ | ᠨᠠᠮ ᠢ ᠳᠤᠮᠳᠠᠳᠤ ᠤᠯᠤᠰ ᠤᠨ ᠠᠷᠠᠳ ᠲᠦᠮᠡᠨ ᠠᠴᠠ ᠰᠠᠯᠭᠠᠵᠤ᠂ ᠡᠰᠡᠷᠭᠦᠴᠡᠯᠳᠦᠭᠦᠯᠬᠦ ᠭᠡᠰᠡᠨ ᠶᠠᠮᠠᠷᠪᠠ | ᠤᠷᠤᠯᠳᠤᠯᠭ᠎ᠠ ᠪᠣᠯ ᠴᠥᠮ ᠪᠡᠶᠡᠯᠡᠭᠳᠡᠰᠢ ᠦᠭᠡᠢ ᠶᠤᠮ︕ ᠡᠭᠦᠨ ᠢ 9500 ᠭᠠᠷᠤᠢ ᠲᠦᠮᠡᠨ ᠳᠤᠮᠳᠠᠳᠤ | ᠤᠯᠤᠰ ᠤᠨ ᠡᠪ ᠬᠠᠮᠲᠤᠴᠤᠳ ᠵᠥᠪᠰᠢᠶᠡᠷᠡᠬᠦ ᠦᠭᠡᠢ ᠶᠤᠮ︕ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ | ᠠᠷᠠᠳ ᠲᠦᠮᠡᠨ ᠴᠦ ᠵᠥᠪᠰᠢᠶᠡᠷᠡᠬᠦ ᠦᠭᠡᠢ ᠶᠤᠮ︕ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢ ᠡᠭᠦᠳᠦᠨ | ᠪᠦᠲᠦᠭᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ | ᠵᠣᠷᠢᠯᠲᠠ ᠶᠢ ᠪᠠᠷᠢᠮᠲᠠᠯᠠᠨ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠠᠮ ᠤᠨ ᠤᠯᠠᠨ ᠲᠦᠮᠡᠨᠴᠢ | ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ ᠪᠦᠳᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠨ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠪᠠ ᠠᠷᠠᠳ ᠤᠯᠠᠨ ᠤ | ᠲᠤᠯᠭᠠᠮ ᠱᠠᠭᠠᠷᠳᠠᠵᠦ ᠪᠠᠶᠢᠭ᠎ᠠ ᠬᠦᠴᠢᠷᠳᠡᠵᠦ ᠪᠠᠶᠢᠭ᠎ᠠ ᠬᠦᠰᠡᠨ ᠬᠦᠯᠢᠶᠡᠵᠦ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠪᠦᠬᠦ ᠠᠷᠠᠳ ᠲᠦᠮᠡᠨ ᠤ | ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠤᠳᠠᠳᠤ ᠠᠬᠢᠴᠠ ᠲᠠᠢ ᠪᠣᠯᠭᠠᠬᠤ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠠᠷᠺᠰ ᠤᠨ ᠦᠵᠡᠯ ᠪᠣᠯ ᠮᠠᠨ ᠤ ᠨᠠᠮ | ᠪᠠᠶᠢᠭᠤᠯᠬᠤ ᠤᠯᠤᠰ ᠪᠠᠶᠢᠭᠤᠯᠬᠤ ᠶᠢᠨ ᠦᠨᠳᠦᠰᠦᠨ ᠵᠢᠯᠣᠭᠤᠳᠬᠤ ᠦᠵᠡᠯ ᠰᠠᠨᠠᠭ᠎ᠠ ᠮᠥᠨ᠂ ᠮᠠᠨ ᠤ ᠨᠠᠮ ᠤᠨ | ᠰᠦᠭ ᠰᠦᠨᠡᠰᠦ ᠪᠠ ᠲᠤᠭ ᠲᠡᠮᠳᠡᠭ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠤᠨ ᠦᠵᠡᠯ ᠤᠨ | ᠦᠨᠳᠦᠰᠦᠨ ᠶᠣᠰᠣ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠳᠤᠮᠳᠠᠳᠤ ᠤᠯᠤᠰ ᠤᠨ | ᠪᠣᠳᠠᠲᠤ ᠪᠠᠶᠢᠳᠠᠯ ᠠᠴᠠ ᠡᠭᠦᠰᠴᠦ᠂ ᠴᠠᠭ ᠦᠶ᠎ᠡ ᠶᠢᠨ ᠶᠡᠭᠡ ᠬᠠᠨᠳᠤᠰᠢ ᠶᠢ ᠨᠡᠪᠲᠡ ᠠᠵᠢᠵᠤ᠂ ᠲᠡᠦᠬᠡ ᠶᠢᠨ | ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠢᠷᠭᠠᠭᠤ ᠬᠠᠲᠠᠭᠤᠵᠢᠯᠲᠠᠢ ᠪᠠᠷ ᠬᠠᠶᠢᠨ ᠰᠦᠪᠡᠭᠴᠢᠯᠡᠵᠦ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ | ᠤᠯᠤᠰ ᠤᠨ ᠠᠷᠠᠳ ᠲᠦᠮᠡᠨ ᠢ ᠵᠢᠯᠣᠭᠤᠳᠤᠨ ᠠᠭᠤᠤ ᠶᠡᠭᠡ ᠨᠡᠶᠢᠭᠡᠮ ᠤᠨ ᠬᠤᠪᠢᠰᠬᠠᠯ ᠢ ᠲᠠᠰᠤᠷᠠᠯᠲᠠ ᠦᠭᠡᠢ | ᠠᠬᠢᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ | ᠦᠵᠡᠯ ᠰᠠᠶᠢᠨ ᠪᠠᠶᠢᠭᠰᠠᠨ ᠠᠴᠠ ᠪᠣᠯᠤᠭᠰᠠᠨ ᠶᠤᠮ︕ | ᠰᠢᠨ᠎ᠡ ᠠᠶᠠᠨ ᠳᠠᠭᠠᠨ᠂ ᠪᠢᠳᠠ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ | ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ | ᠦᠵᠡᠯ ᠤᠨ ᠦᠨᠳᠦᠰᠦᠨ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ | ᠦᠵᠡᠯ ᠢᠶᠠᠷ ᠴᠠᠭ ᠦᠶ᠎ᠡ ᠶᠢ ᠠᠵᠢᠠᠠᠯᠠᠵᠦ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠳᠦᠯᠦᠨ ᠳᠠᠭᠠᠭᠤᠯᠵᠤ | ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠢ | ᠦᠷᠭᠦᠯᠵᠢᠯᠡᠨ ᠬᠥᠭᠵᠢᠭᠦᠯᠬᠦ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠥᠪᠡᠷ ᠤᠨ ᠵᠠᠮ ᠢᠶᠠᠷ ᠢᠶᠠᠨ ᠵᠠᠮᠨᠠᠬᠤ ᠪᠣᠯ | ᠨᠠᠮ ᠤᠨ ᠪᠦᠬᠦ ᠤᠨᠤᠯ ᠪᠠ ᠦᠢᠯᠡᠳᠦᠯᠭᠡ ᠶᠢᠨ ᠵᠣᠭᠰᠣᠴᠠ ᠮᠥᠨ᠂ ᠨᠡᠩ ᠴᠤ ᠨᠠᠮ ᠤᠨ ᠵᠠᠭᠤᠨ ᠵᠢᠯ ᠤᠨ | ᠲᠡᠮᠡᠴᠡᠯ ᠢᠶᠠᠷ ᠳᠠᠮᠵᠢᠨ ᠣᠯᠤᠭᠰᠠᠨ ᠲᠡᠦᠬᠡᠨ ᠳ᠋ᠦᠩᠨᠡᠯᠲᠡ ᠮᠥᠨ᠃ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠪᠣᠯ ᠨᠠᠮ ᠪᠠ ᠠᠷᠠᠳ ᠲᠦᠮᠡᠨ ᠤ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠯᠤᠲᠤ | ᠶᠡᠭᠡ ᠦᠷᠡᠭᠳᠡᠯ ᠭᠠᠷᠭᠠᠵᠤ ᠪᠠᠶᠢᠭᠠᠳ ᠣᠯᠤᠭᠰᠠᠨ ᠦᠨᠳᠦᠰᠦᠨ ᠠᠮᠵᠢᠯᠲᠠ ᠪᠦᠲᠦᠮᠵᠢ ᠮᠥᠨ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠮᠥᠨ᠃ ᠪᠢᠳᠡ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠪᠣᠳᠠᠰ ᠤᠨ ᠪᠣᠯᠪᠠᠰᠤᠨ᠂ ᠤᠯᠤᠰ | ᠲᠦᠷᠦ ᠶᠢᠨ ᠪᠣᠯᠪᠠᠰᠤᠨ᠂ ᠤᠶᠤᠨ ᠤ ᠪᠣᠯᠪᠠᠰᠤᠨ᠂ ᠨᠡᠶᠢᠭᠡᠮ ᠤᠨ ᠪᠣᠯᠪᠠᠰᠤᠨ᠂ ᠠᠮᠢ ᠠᠬᠤᠢ ᠶᠢᠨ ᠪᠣᠯᠪᠠᠰᠤᠨ ᠤ | ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠵᠠᠮ ᠢ ᠨᠡᠬᠡᠭᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠠᠯ ᠢ ᠪᠤᠢ ᠪᠤᠯᠭᠠᠵᠠᠢ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠨᠠᠮ ᠤᠨ ᠦᠨᠳᠦᠰᠦᠨ ᠤᠨᠤᠯ᠂ ᠦᠨᠲᠦᠰᠦᠠ ᠱᠤᠭᠤᠮ᠂ | ᠦᠨᠲᠦᠰᠦᠨ ᠴᠢᠭᠯᠡᠯᠲᠡ ᠶᠢ ᠪᠠᠷᠢᠮᠲᠠᠯᠠᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠦ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ᠥᠭᠡᠷᠡᠴᠢᠯᠡᠯᠲᠡ ᠨᠡᠭᠡᠭᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ | ᠠᠬᠢᠭᠤᠯᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠨ᠂ ᠬᠠᠤᠯᠢ ᠶᠤᠰᠤᠭᠠᠷ ᠤᠯᠤᠰ ᠢᠶᠠᠨ | ᠵᠠᠰᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠭᠤᠣᠯᠯᠠᠬᠴᠢ ᠥᠷᠳᠡᠭ ᠤᠨ ᠰᠢᠰᠲ᠋ᠧᠮ ᠢ ᠪᠠᠷᠢᠮᠲᠠᠯᠠᠵᠦ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ | ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠶᠢ ᠪᠠᠷᠢᠮᠲᠠᠯᠠᠵᠦ᠂ ᠠᠷᠠᠳ ᠲᠦᠮᠡᠨ ᠢ ᠴᠢᠨᠡᠭᠡᠯᠢᠭᠵᠢᠬᠦᠯᠬᠦ᠂ | ᠤᠯᠤᠰ ᠬᠦᠷᠦᠨ ᠢ ᠬᠦᠴᠦᠷᠭᠡᠭᠵᠢᠬᠦᠯᠬᠦ᠂ ᠳᠤᠮᠳᠠᠳᠤ ᠤᠯᠤᠰ ᠢ ᠦᠵᠡᠰᠬᠦᠯᠡᠩᠳᠦ ᠰᠠᠶᠢᠬᠠᠨ ᠪᠤᠯᠭᠠᠬᠤ ᠶᠢ | ᠬᠠᠮᠵᠢᠯᠴᠠᠭᠤᠯᠤᠨ ᠠᠬᠢᠭᠤᠯᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠳᠤ 5000 ᠭᠠᠷᠤᠢ ᠵᠢᠯ ᠤᠨ ᠲᠡᠦᠬᠡ ᠶᠢᠨ ᠤᠯᠠᠷᠢᠯ ᠬᠤᠪᠢᠰᠤᠯ ᠤᠨ | ᠳᠤᠮᠳᠠ ᠪᠦᠷᠢᠯᠳᠦᠭᠰᠡᠨ ᠭᠡᠷᠡᠯ ᠰᠠᠴᠤᠷᠠᠩᠭᠤᠢ ᠪᠣᠯᠪᠠᠰᠤᠨ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤ | ᠵᠠᠭᠤᠨ ᠵᠢᠯ ᠤᠨ ᠲᠡᠮᠡᠴᠡᠯ ᠤᠨ ᠦᠢᠯᠡᠳᠦᠯᠭᠡ ᠪᠣᠯᠤᠨ 70 ᠭᠠᠷᠤᠢ ᠵᠢᠯ ᠤᠨ ᠲᠦᠷᠦ ᠪᠠᠷᠢᠵᠤ ᠤᠯᠤᠰ ᠢᠶᠠᠨ | ᠮᠠᠨᠳᠤᠭᠤᠯᠤᠭᠰᠠᠠ ᠲᠤᠷᠰᠢᠯᠭ᠎ᠠ ᠲᠠᠢ ᠶᠤᠮ᠂ ᠪᠢᠳᠡ ᠬᠥᠮᠦᠨ ᠲᠥᠷᠥᠯᠬᠢᠲᠡᠨ ᠤ ᠪᠣᠯᠪᠠᠰᠤᠨ ᠤ ᠠᠰᠢᠭᠲᠠᠢ ᠦᠷ᠎ᠡ | ᠪᠦᠲᠦᠭᠡᠯ ᠪᠦᠬᠦᠨ ᠢ ᠢᠳᠡᠪᠬᠢᠲᠡᠢ ᠰᠤᠷᠤᠯᠴᠠᠨ ᠲᠡᠭᠦᠨ ᠢᠶᠠᠷ ᠲᠤᠯᠢ ᠪᠣᠯᠭᠠᠵᠤ᠂ ᠠᠰᠢᠭᠲᠠᠢ ᠰᠠᠨᠠᠭᠤᠯᠭ᠎ᠠ ᠪᠠ ᠰᠠᠶᠢᠨ | ᠰᠠᠨᠠᠭᠠᠨ ᠤ ᠰᠢᠭᠦᠮᠵᠢᠯᠡᠯ ᠪᠦᠬᠦᠨ ᠢ ᠪᠠᠶᠠᠷᠯᠠᠨ ᠤᠭᠲᠤᠨ᠎ᠠ᠂ ᠭᠡᠪᠡᠴᠦ ᠪᠢᠳᠡ ᠶᠠᠭᠠᠬᠢᠭᠰᠠᠨ ᠴᠤ ︽ᠪᠠᠭᠰᠢᠳᠠᠨ︾ | ᠢᠶᠠᠷ ᠠᠪᠤᠷᠢᠯᠠᠨ ᠵᠢᠭᠠᠵᠤ ᠲᠤᠬᠢᠬᠤ ᠰᠤᠷᠭᠠᠯ ᠢ ᠤᠭᠲᠤ ᠬᠦᠯᠢᠶᠡᠬᠦ ᠦᠭᠡᠢ︕ ᠳᠤᠮᠳᠠᠳᠤ ᠤᠯᠤᠰ ᠤᠨ ᠡᠪ ᠬᠠᠮᠲᠤ | ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠰᠣᠩᠭᠤᠭᠰᠠᠨ ᠵᠠᠮ ᠢᠶᠠᠷ ᠢᠶᠠᠨ ᠴᠡᠭᠡᠵᠢ ᠲᠡᠨᠢᠢᠨ | ᠲᠤᠮᠤ ᠠᠯᠬᠤᠮ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ | ᠥᠪᠡᠷ ᠤᠨ ᠭᠠᠷ ᠲᠠᠭᠠᠨ ᠪᠠᠲᠤ ᠡᠵᠡᠮᠳᠡᠨ᠎ᠠ︕ | — ᠲᠡᠤᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ᠃ ᠤᠯᠤᠰ ᠬᠦᠷᠦᠨ ᠢᠶᠠᠨ | ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭ ᠪᠣᠯ ᠰᠠᠶ᠋ᠢ ᠤᠯᠤᠰ | ᠬᠦᠷᠦᠨ ᠠᠮᠤᠷ ᠲᠠᠶᠢᠪᠤᠩ ᠪᠠᠶᠢᠵᠤ ᠴᠢᠳᠠᠨ᠎ᠠ᠃ ᠨᠠᠮ ᠠᠴᠠ ᠵᠡᠪᠰᠡᠭ ᠢ ᠵᠢᠯᠤᠭᠤᠳᠬᠤ᠂ ᠥᠪᠡᠷ ᠤᠨ ᠠᠷᠠᠳ ᠤᠨ | ᠴᠡᠷᠢᠭ ᠠᠩᠬᠢ ᠪᠠᠨ ᠪᠠᠶᠢᠭᠤᠯᠬᠤ ᠶᠢ ᠪᠠᠷᠢᠮᠲᠠᠯᠠᠬᠤ ᠪᠣᠯ ᠨᠠᠮ ᠤᠨ ᠴᠢᠰᠤᠲᠤ ᠲᠡᠮᠡᠴᠡᠯ ᠤᠨ ᠳᠤᠮᠳᠠ ᠠᠴᠠ ᠣᠯᠤᠭᠰᠠᠨ | ᠨᠢᠴᠤᠭᠠᠭᠳᠠᠰᠢ ᠤᠢᠭᠡᠢ ᠦᠨᠡᠨ ᠶᠣᠰᠣ ᠮᠥᠨ᠃ ᠠᠷᠠᠳ ᠤᠨ ᠴᠡᠷᠢᠭ ᠠᠩᠬᠢ ᠨᠢ ᠨᠠᠮ ᠪᠣᠯᠤᠨ ᠠᠷᠠᠳ ᠲᠦᠮᠡᠨ ᠳᠤ | ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠤᠭᠰᠠᠨ ᠶᠤᠮ᠂ ᠡᠨᠡ ᠪᠣᠯ ᠬᠤᠪᠢᠰᠬᠠᠯᠲᠤ ᠲᠦᠷᠦ ᠵᠠᠰᠠᠭ ᠢ ᠬᠠᠮᠠᠭᠠᠯᠠᠬᠤ | ᠂ ᠦᠨᠳᠦᠰᠦᠲᠡᠨ ᠤ ᠨᠡᠷ᠎ᠡ ᠬᠦᠨᠳᠦ ᠶᠢ ᠬᠠᠮᠠᠭᠠᠯᠠᠬᠤ ᠪᠠᠲᠤ ᠴᠢᠩᠭ᠎ᠠ ᠲᠤᠯᠭᠠᠭᠤᠷᠢ ᠮᠥᠨ᠂ ᠪᠠᠰᠠ ᠴᠤ ᠭᠠᠵᠠᠷ | ᠣᠷᠣᠨ ᠪᠣᠯᠤᠨ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠬᠦᠴᠦᠷᠬᠡᠭ ᠶᠡᠭᠡ ᠬᠦᠴᠦᠨ ᠮᠥᠨ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ | ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠠᠷᠠᠳ ᠤᠨ ᠴᠡᠷᠢᠭ ᠠᠩᠬᠢ ᠳᠠᠬᠢ ᠨᠠᠮ ᠤᠨ | ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ | ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ | ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ | ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠤᠰᠤᠭᠠᠷ ᠴᠡᠷᠢᠭ ᠢ ᠵᠠᠰᠠᠬᠤ ᠶᠢ | ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ | ᠪᠣᠯᠭᠠᠨ ᠪᠠᠶᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠶᠢᠳᠠᠪᠤᠷᠢᠲᠠᠢ ᠠᠷᠭ᠎ᠠ ᠪᠠᠷᠢᠯ ᠢᠶᠠᠷ ᠤᠯᠤᠰ ᠤᠨ | ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠬᠡᠬᠡᠬᠦ ᠳᠤ᠂ ᠡᠷᠬᠡᠪᠰᠢ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠡᠩᠬᠡ | ᠲᠠᠶᠢᠪᠤᠩ᠂ ᠡᠶ᠎ᠡ ᠨᠠᠶᠢᠷᠠᠮᠳᠠᠭᠤ᠂ ᠡᠶ᠎ᠡ ᠵᠣᠬᠢᠴᠠᠩᠭᠤᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ 5000 | ᠭᠠᠷᠤᠢ ᠵᠢᠯ ᠤᠨ ᠲᠤᠷᠰᠢ ᠬᠥᠭᠡᠭᠡᠴᠡᠯᠳᠦᠭᠰᠡᠭᠡᠷ ᠢᠷᠡᠭᠰᠡᠨ ᠪᠥᠭᠡᠳ ᠵᠠᠯᠭᠠᠮᠵᠢᠯᠠᠭᠰᠠᠭᠠᠷ ᠢᠷᠡᠭᠰᠡᠨ ᠣᠶᠢᠯᠠᠭᠠᠭᠳᠠᠬᠤᠨ | ᠮᠥᠨ᠂ ᠳᠤᠮᠳᠠᠳᠤ ᠶᠢᠨ ᠦᠨᠳᠦᠰᠦᠲᠡᠨ ᠤ ᠴᠢᠰᠤᠨ ᠳᠤ ᠪᠤᠰᠤᠳ ᠢ ᠲᠦᠷᠢᠮᠡᠬᠡᠶᠢᠯᠡᠬᠦ᠂ ᠡᠵᠡᠨ ᠮᠡᠳᠡᠵᠤ ᠡᠵᠡᠷᠬᠡᠨ | ᠠᠭᠠᠰᠢᠯᠠᠬᠤ ᠤᠳᠤᠮᠰᠢᠯ ᠬᠡᠵᠤ ᠪᠠᠶᠢᠬᠤ ᠦᠭᠡᠢ᠃ ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ | ᠲᠥᠷᠥᠯᠬᠢᠲᠡᠨ ᠤ ᠢᠷᠡᠭᠡᠳᠦᠢ ᠶᠢᠨ ᠬᠤᠪᠢ ᠵᠠᠶᠠᠭ᠎ᠠ ᠶᠢ ᠠᠩᠬᠠᠷᠴᠤ᠂ ᠳᠡᠯᠡᠬᠡᠢ ᠳᠡᠭᠡᠷᠡᠬᠢ ᠠᠯᠢᠪᠠ ᠳᠠᠪᠰᠢᠩᠭᠤᠢ | ᠬᠦᠴᠦᠨ ᠲᠠᠢ ᠭᠠᠷ ᠬᠤᠯᠪᠣᠨ ᠤᠷᠤᠭᠰᠢᠯᠠᠨ᠎ᠠ᠂ ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ | ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ | ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ︕ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ | ᠠᠰᠢᠭ ᠭᠥᠷᠳᠡᠬᠦ ᠲᠤᠭ ᠢ ᠥᠨᠳᠥᠷ ᠮᠠᠨᠳᠤᠭᠤᠯᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ | ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠩᠬᠡ ᠲᠠᠶᠢᠪᠤᠩ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ | ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ | ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠶ ᠳ᠋ᠠᠬᠢᠨ ᠳᠤ ᠰᠢᠨ᠎ᠡ ᠠᠵᠠ ᠲᠣᠬᠢᠶᠠᠯ ᠤᠯᠭᠤᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠦᠷᠭᠦᠯᠵᠢᠯᠡᠨ ᠡᠩᠬᠡ ᠲᠠᠶᠢᠪᠤᠩ ᠢ ᠡᠷᠬᠢᠮᠯᠡᠳᠡᠭ ᠠᠯᠢᠪᠠ ᠤᠯᠤᠰ ᠪᠠ | ᠠᠷᠠᠳ ᠲᠦᠮᠡᠨ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠥᠭᠡ ᠲᠠᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ | ᠬᠠᠮᠲᠤᠷᠠᠯᠴᠠᠬᠤ ᠠᠴᠠ ᠪᠢᠰᠢ ᠡᠰᠡᠷᠭᠦᠴᠡᠯᠳᠦᠬᠦ ᠦᠭᠡᠢ᠂ ᠨᠡᠭᠡᠭᠡᠯᠳᠡ ᠬᠢᠬᠦ ᠠᠴᠠ ᠪᠢᠰᠢ ᠡᠬᠦᠳᠡ ᠪᠠᠨ ᠲᠦᠭᠵᠢᠬᠦ | ᠦᠭᠡᠢ ᠪᠠᠶᠢᠬᠤ ᠶᠢ ᠪᠠᠷᠢᠮᠲᠠᠯᠠᠵᠤ᠂ ᠬᠠᠷᠢᠯᠴᠠᠨ ᠠᠰᠢᠭᠳᠠᠢ ᠬᠠᠮᠲᠤ ᠪᠠᠷ ᠠᠰᠢᠬ ᠬᠥᠷᠳᠡᠬᠦ ᠶᠢ ᠪᠠᠷᠢᠮᠲᠠᠯᠠᠨ᠂ ᠲᠡᠭ | ᠨᠡᠶᠢᠯᠡᠪᠤᠷᠢ ᠶᠢᠨ ᠦᠵᠡᠯᠴᠡᠭᠡᠨ ᠢ ᠬᠢᠬᠦ ᠦᠭᠡᠢ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠤ ᠶᠢ | ᠡᠰᠡᠷᠭᠦᠴᠡᠵᠦ᠂ ᠲᠡᠦᠬᠡ ᠶᠢᠨ ᠬᠦᠷᠳᠦ ᠶᠢᠨ ᠭᠡᠭᠡᠨ ᠰᠠᠷᠠᠭᠤᠯ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠤᠨ᠎ᠠ︕ | | ᠳᠤᠮᠳᠠᠳᠤ ᠤᠯᠤᠰ ᠤᠨ ᠠᠷᠠᠳ ᠲᠦᠮᠡᠨ ᠪᠣᠯ ᠰᠢᠳᠤᠷᠭᠤ ᠶᠣᠰᠣ ᠶᠢ ᠡᠷᠬᠢᠮᠯᠡᠵᠦ᠂ ᠬᠦᠴᠦᠷᠬᠡᠭᠯᠡᠯ ᠠᠴᠠ | ᠰᠦᠷᠳᠡᠳᠡᠭ ᠦᠭᠡᠢ ᠠᠷᠠᠳ ᠲᠦᠮᠡᠨ ᠮᠥᠨ᠂ ᠳᠤᠮᠳᠠᠳᠤ ᠶᠢᠨ ᠦᠨᠳᠦᠰᠦᠲᠡᠨ ᠪᠣᠯ ᠪᠠᠲᠤ ᠴᠢᠩᠭ᠎ᠠ | ᠦᠨᠳᠦᠰᠦᠲᠡᠨ ᠤ ᠤᠮᠤᠬᠰᠢᠯᠳᠦ ᠰᠡᠳᠬᠢᠯᠭᠡ ᠪᠠ ᠢᠲᠡᠭᠡᠯ ᠵᠣᠷᠢᠭ ᠲᠠᠢ ᠦᠨᠳᠦᠰᠦᠲᠡᠨ ᠮᠥᠨ᠃ ᠳᠤᠮᠳᠠᠳᠤ | ᠤᠯᠤᠰ ᠤᠨ ᠠᠷᠠᠳ ᠲᠦᠮᠡᠨ ᠶᠡᠷᠦ ᠠᠴᠠ ᠪᠤᠰᠤᠳ ᠤᠯᠤᠰ ᠤᠨ ᠠᠷᠠᠳ ᠲᠦᠮᠡᠨ ᠢ ᠲᠤᠷᠤᠮᠵᠢᠯᠠᠵᠤ᠂ ᠳᠠᠷᠤᠯᠠᠵᠤ᠂ | ᠪᠣᠭᠤᠯᠴᠢᠯᠠᠵᠤ ᠥᠩᠭᠡᠷᠡᠭᠰᠡᠨ ᠦᠭᠡᠢ᠂ ᠦᠩᠭᠡᠷᠡᠭᠰᠡᠨ ᠳᠤ ᠪᠠᠶᠢᠬᠤ ᠦᠭᠡᠢ᠂ ᠤᠳᠤ ᠴᠤ ᠪᠠᠶᠢᠬᠤ ᠦᠭᠡᠢ᠂ | ᠢᠷᠡᠭᠡᠳᠦᠢ ᠳᠤ ᠴᠦ ᠪᠠᠶᠢᠬᠤ ᠦᠭᠡᠢ ᠶᠤᠮ᠃ ᠡᠭᠦᠨ ᠤ ᠬᠠᠮᠲᠤ᠂ ᠳᠤᠮᠳᠠᠳᠤ ᠤᠯᠤᠰ ᠤᠨ ᠠᠷᠠᠳ ᠲᠦᠮᠡᠨ ᠪᠠᠰᠠ | ᠶᠠᠮᠠᠷᠪᠠ ᠭᠠᠳᠠᠭᠠᠳᠤ ᠶᠢᠨ ᠬᠦᠴᠦᠨ ᠤ ᠪᠢᠳᠡᠨ ᠢ ᠲᠤᠷᠤᠮᠵᠢᠯᠠᠵᠤ᠂ ᠳᠠᠷᠤᠯᠠᠵᠤ᠂ ᠪᠣᠭᠤᠯᠴᠢᠯᠠᠬᠤ ᠶᠢ ᠤᠬᠳᠤ | ᠵᠥᠪᠰᠢᠶᠡᠷᠡᠬᠦ ᠦᠭᠡᠢ᠂ ᠬᠡᠨ ᠢᠩᠭᠢᠵᠦ ᠬᠢᠬᠦ ᠪᠠᠷ ᠭᠤᠷᠢᠳᠠᠪᠠᠯ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ | ᠠᠷᠠᠳ ᠲᠦᠮᠡᠨ ᠤ ᠴᠢᠰᠤ ᠮᠢᠬ᠎ᠠ ᠪᠠᠷ ᠢᠶᠠᠨ ᠴᠣᠭᠴᠠᠯᠠᠭᠰᠠᠨ ᠪᠤᠯᠤᠳ ᠲᠡᠮᠤᠷ ᠮᠠᠳᠤ ᠤᠷᠳᠤ ᠴᠠᠭᠠᠨ ᠬᠡᠷᠡᠮ ᠤᠨ | ᠡᠮᠦᠨ᠎ᠡ ᠲᠤᠬᠤ ᠲᠤᠯᠤᠭᠠᠢ ᠪᠠᠨ ᠬᠠᠭᠠᠷᠠᠳᠠᠯ᠎ᠠ ᠴᠤᠬᠢᠭᠳᠠᠬᠤ ᠨᠢ ᠯᠠᠪᠲᠠᠢ ᠶᠤᠮ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠮᠠᠰᠢ ᠤᠯᠠᠨ ᠰᠢᠨ᠎ᠡ | ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠬᠢᠬᠦ ᠬᠡᠷᠡᠭᠲᠡᠢ᠃ ᠵᠣᠷᠢᠭᠲᠠᠢ ᠪᠠᠷ ᠲᠡᠮᠡᠴᠡᠯ ᠬᠢᠵᠦ᠂ | ᠵᠣᠷᠢᠭᠲᠠᠢ ᠪᠠᠷ ᠢᠯᠠᠯᠲᠠ ᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠠᠭᠳᠠᠰᠢ ᠦᠭᠡᠢ | ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠃ ᠠᠭᠤᠤ ᠶᠡᠭᠡ ᠬᠦᠰᠡᠯ ᠵᠡᠭᠦᠳᠦ ᠶᠢ ᠲᠡᠷᠭᠡᠯᠰᠢᠭᠦᠯᠬᠦ ᠳᠤ | ᠠᠮᠢ ᠴᠦᠯᠡᠨ ᠲᠡᠮᠡᠴᠡᠵᠤ᠂ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ ᠥᠨᠥᠳᠦᠷ᠂ ᠪᠢᠳᠡ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ | ᠦᠶ᠎ᠡ ᠠᠴᠠ ᠢᠯᠡᠭᠦᠦ ᠣᠶᠢᠷᠠᠳᠴᠤ᠂ ᠡᠨᠡ ᠬᠦ ᠬᠠᠷᠠᠯᠳᠠ ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠤᠬᠡ ᠶᠢᠨ ᠠᠯᠢ | ᠴᠦ ᠦᠶ᠎ᠡ ᠠᠴᠠ ᠢᠯᠡᠭᠦᠦ ᠴᠢᠩᠭᠠᠷᠠᠵᠠᠢ᠂ ᠡᠭᠦᠨ ᠤ ᠬᠠᠮᠲᠤ ᠡᠷᠬᠡᠪᠰᠢ ᠨᠡᠩ ᠬᠦᠴᠢᠷ ᠪᠡᠷᠬᠡᠰᠢᠶᠡᠯ ᠲᠠᠢ᠂ ᠨᠡᠩ | ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ | ᠰᠢᠨ᠎ᠡ ᠠᠶᠠᠨ ᠳᠠᠭᠠᠨ᠂ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠠᠮᠤᠷ | ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠦᠯᠦ ᠮᠠᠷᠳᠠᠵᠤ᠂ ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ | ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ | ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠠᠴᠠ | ᠪᠣᠯᠤᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠤᠯᠠᠨ | ᠤᠯᠤᠰ ᠤᠨ ᠣᠷᠴᠢᠨ ᠲᠤᠭᠤᠷᠢᠨ ᠠᠴᠠ ᠪᠣᠯᠤᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ ᠭᠦᠨᠵᠡᠭᠡᠢ | ᠲᠠᠨᠢᠵᠤ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠠᠭᠤᠯᠠ ᠬᠠᠷᠭᠤᠪᠠᠯ ᠵᠠᠮ ᠨᠡᠭᠡᠭᠡᠵᠦ᠂ ᠤᠰᠤ | ᠲᠠᠭᠠᠷᠠᠪᠠᠯ ᠬᠥᠭᠦᠷᠭᠡ ᠲᠠᠯᠪᠢᠵᠤ᠂ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠭ᠋ᠤ | ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠶᠢᠨ ᠬᠥᠪᠡᠭᠦᠳ | ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠬᠡᠷᠡᠭᠲᠡᠢ᠃ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ | ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠨᠢᠭᠡᠳᠦᠮᠡᠯ ᠹᠷᠣᠨᠲ ᠢ ᠴᠢᠬᠤᠯᠠ ᠪᠠᠶᠢᠷᠢᠨ ᠳᠤ ᠲᠠᠯᠪᠢᠵᠤ᠂ | ᠬᠠᠮᠤᠭ ᠤᠨ ᠥᠷᠭᠡᠨ ᠳᠡᠯᠭᠡᠷ ᠨᠢᠭᠡᠳᠦᠮᠡᠯ ᠹᠷᠣᠨᠲ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ | ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ | ᠪᠦᠬᠦᠨ ᠢ ᠳᠠᠶᠢᠴᠢᠯᠠᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠠ ᠪᠠᠷ ᠨᠢᠭᠲᠠᠷᠠᠭᠤᠯᠪᠠ᠃ | ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠤᠨ | ᠳᠣᠲᠣᠭᠠᠳᠤ ᠭᠠᠳᠠᠭᠠᠳᠤ ᠳᠠᠬᠢ ᠪᠦᠬᠦ ᠳᠤᠮᠳᠠᠳᠤ ᠶᠢᠨ ᠬᠥᠪᠡᠭᠦᠳ ᠥᠬᠢᠳ ᠢ ᠪᠦᠯᠬᠦᠮᠳᠡᠭᠦᠯᠦᠨ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠢᠬᠤᠯᠠ ᠡᠷᠳᠡᠨᠢ ᠮᠥᠨ᠃ | ᠰᠢᠨ᠎ᠡ ᠠᠶᠠᠨ ᠳᠠᠭᠠᠨ᠂ ᠪᠢᠳᠠ ᠡᠷᠬᠡᠪᠰᠢ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ | ᠨᠢᠭᠡᠳᠦᠯᠲᠦ ᠴᠢᠨᠠᠷ ᠪᠣᠯᠤᠨ ᠤᠯᠠᠨ ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ | ᠲᠦᠷᠦ ᠪᠠᠷ ᠬᠦᠲᠦᠯᠦᠨ ᠲᠠᠭᠠᠭᠤᠯᠬᠤ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠵᠤ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ ᠬᠠᠮᠤᠭ ᠤᠨ | ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠢᠵᠢᠯᠢ ᠲᠥᠪᠳᠤ | ᠲᠣᠭᠤᠷᠢᠭ ᠢ ᠵᠢᠷᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ | ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ︕ | — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠨᠠᠮ ᠤᠨ | ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ ᠪᠡᠯᠭᠡ ᠲᠡᠮᠳᠡᠭ ᠮᠥᠨ᠃ ᠮᠠᠨ ᠤ ᠨᠠᠮ ᠵᠠᠭᠤᠨ ᠪᠡᠷᠬᠡ | ᠮᠢᠩᠭᠠᠨ ᠪᠠᠷᠳᠠᠭ᠎ᠠ ᠶᠢ ᠲᠠᠪᠠᠭᠰᠠᠨ ᠴᠤ ᠴᠤᠭ ᠰᠦᠯᠳᠡ ᠪᠠᠳᠠᠷᠠᠩᠭᠤᠢ ᠪᠠᠶᠢᠳᠠᠭ ᠤᠨ ᠨᠢᠭᠡᠨ ᠮᠠᠰᠢ ᠴᠢᠬᠤᠯᠠ | ᠰᠢᠯᠲᠠᠭᠠᠨ ᠪᠣᠯ ᠪᠢᠳᠡ ᠨᠠᠮ ᠨᠢ ᠨᠠᠮ ᠢ ᠬᠠᠮᠢᠶᠠᠷᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ | ᠪᠠᠷᠢᠮᠲᠠᠯᠠᠵᠤ᠂ ᠲᠤᠰ ᠪᠡᠶ᠎ᠡ ᠶᠢᠨ ᠢᠶᠠᠨ ᠡᠯ᠎ᠡ ᠲᠡᠦᠬᠡᠨ ᠴᠠᠭ ᠦᠶ᠎ᠡ ᠳᠤ ᠲᠤᠯᠭᠠᠷᠠᠭᠰᠠᠨ ᠠᠶᠤᠯ ᠲᠦᠭᠰᠢᠭᠦᠷᠢ ᠪᠠ | ᠰᠢᠯᠭᠠᠯᠲᠠ ᠶᠢ ᠲᠠᠰᠤᠷᠠᠯᠲᠠ ᠦᠭᠡᠢ ᠰᠠᠶᠢᠲᠤᠷ ᠠᠷᠭᠠᠴᠠᠭᠠᠵᠤ᠂ ᠮᠠᠨ ᠤ ᠨᠠᠮ ᠤᠨ ᠳᠡᠯᠡᠬᠡᠢ ᠶᠢᠨ ᠪᠠᠶᠢᠳᠠᠯ ᠳᠤ | ᠭᠦᠨᠵᠡᠭᠡᠢ ᠬᠤᠪᠢᠷᠠᠯᠲᠠ ᠭᠠᠷᠴᠤ ᠪᠠᠶᠢᠭ᠎ᠠ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ ᠡᠮᠦᠨ᠎ᠡ | ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ ᠪᠠ | ᠥᠷᠢᠰᠥᠯᠳᠦᠭᠡᠨ ᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠬᠦ ᠤᠯᠤᠰ ᠤᠨ ᠠᠷᠠᠳ ᠲᠦᠮᠡᠨ ᠤ | ᠲᠦᠰᠢᠭ ᠲᠤᠯᠭᠠᠭᠤᠷᠢ ᠪᠣᠯᠬᠤ ᠶᠢ ᠦᠨᠡᠨ ᠬᠦ ᠪᠠᠲᠤᠯᠠᠭᠰᠠᠨ ᠳᠤ ᠪᠠᠶᠢᠨ᠎ᠠ︕ | ᠰᠢᠨ᠎ᠡ ᠠᠶᠠᠨ ᠳᠠᠭᠠᠨ᠂ ᠪᠢᠳᠡ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠶ | ᠭᠡᠬᠦ ᠶᠣᠰᠣ ᠤᠴᠢᠷ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠭᠦᠷᠢᠳᠡ | ᠵᠤᠬᠰᠤᠰᠢ ᠦᠭᠡᠶ ᠬᠢᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠲᠠᠰᠤᠷᠠᠯᠲᠠ ᠦᠭᠡᠶ ᠨᠢᠭᠲᠠᠷᠠᠭᠤᠯᠵᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ | ᠪᠣᠯᠪᠠᠰᠤᠷᠠᠯ ᠲᠠᠢ ᠺᠠᠳ᠋ᠷᠴᠤᠳ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠶ ᠪᠠᠷ ᠠᠬᠢᠭᠤᠯᠵᠤ᠂ ᠨᠠᠮ ᠤᠨ | ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠦᠴᠦᠨ ᠵᠦᠢᠯ ᠢ ᠡᠷᠡᠰ ᠠᠷᠢᠯᠭᠠᠵᠤ᠂ ᠨᠠᠮ ᠤᠨ | ᠡᠷᠡᠭᠦᠯ ᠴᠣᠭᠴᠠ ᠶᠢ ᠬᠤᠣᠷᠳᠠᠭᠤᠯᠬᠤ ᠠᠯᠢᠪᠠ ᠸᠢᠷᠦ᠋ᠰ ᠢ ᠠᠷᠢᠯᠭᠠᠵᠤ᠂ ᠨᠠᠮ ᠤᠨ ᠴᠢᠨᠠᠷ ᠬᠤᠪᠢᠷᠠᠬᠤ ᠦᠭᠡᠢ᠂ | ᠦᠡᠭᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ ᠪᠠᠶᠢᠬᠤ ᠶᠢ ᠪᠠᠲᠤᠯᠠᠵᠤ᠂ ᠨᠠᠮ ᠤᠨ ᠰᠢᠨ᠎ᠡ ᠴᠠᠭ | ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ | ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠪᠠᠲᠤᠯᠠᠬᠤ ᠬᠡᠷᠡᠭᠲᠡᠢ︕ | ᠨᠥᠬᠦᠳ ᠡ᠂ ᠨᠠᠶᠢᠵᠠ ᠨᠠᠷ ᠡ︕ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ | ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠲᠥᠪ ᠠᠴᠠ ᠰᠢᠶᠠᠩᠭᠠᠩ᠂ ᠣᠣᠮᠧᠨ | ᠵᠠᠰᠠᠭ ᠵᠠᠬᠢᠷᠭᠠᠨ ᠤ ᠣᠨᠴᠠᠭᠠᠶ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ | ᠲᠦᠷᠢᠮ ᠪᠠ ᠭᠦᠢᠴᠡᠳᠬᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ | ᠪᠠ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠳᠡᠢ᠃ | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠶᠢᠪᠢᠰᠢ ᠦᠭᠡᠢ ᠲᠡᠦᠬᠡᠨ ᠡᠭᠦᠷᠭᠡ ᠮᠥᠨ᠂ ᠪᠦᠬᠦ ᠳᠤᠮᠳᠠᠳᠤ ᠶᠢᠨ | ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ | ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ | ᠨᠢᠭᠡᠳᠬᠡᠬᠦ ᠠᠬᠢᠴᠠ ᠶᠢ ᠠᠬᠢᠭᠤᠯᠬᠤ ᠬᠡᠷᠡᠭᠲᠡᠶ᠃ ᠲᠠᠶᠢᠸᠠᠨ ᠬᠤᠭᠤᠯᠠᠶ ᠶᠢᠨ ᠬᠤᠶᠠᠷ ᠬᠦᠪᠡᠬᠡᠨ ᠤ ᠠᠬ᠎ᠠ ᠳᠡᠭᠦᠦ | ᠨᠡᠷ ᠢ ᠪᠠᠭᠲᠠᠭᠠᠭᠰᠠᠨ ᠪᠤᠢ ᠪᠦᠬᠦᠢ ᠳᠤᠮᠳᠠᠳᠤ ᠶᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠠᠯᠢᠪᠠ | ᠭᠤᠷᠢᠳᠠᠯᠭ᠎ᠠ ᠶᠢ ᠡᠷᠡᠰ ᠪᠤᠳᠠ ᠨᠢᠷᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ | ᠢᠷᠡᠭᠡᠳᠦᠶ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃ ᠶᠠᠮᠠᠷᠴᠤ ᠬᠥᠮᠦᠨ ᠳᠤᠮᠳᠠᠳᠤ ᠤᠯᠤᠰ ᠤᠨ ᠠᠷᠠᠳ | ᠲᠦᠮᠡᠨ ᠤ ᠤᠯᠤᠰ ᠣᠷᠣᠨ ᠤ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ | ᠬᠠᠳᠠᠨ ᠵᠤᠷᠢᠭ᠂ ᠪᠠᠳᠤ ᠬᠦᠴᠦᠨ᠂ ᠬᠦᠴᠦᠷᠬᠡᠭ ᠶᠡᠭᠡ ᠴᠢᠳᠠᠪᠤᠷᠢ ᠶᠢ ᠪᠠᠰᠤᠮᠵᠢᠯᠠᠵᠤ ᠪᠣᠯᠬᠤ ᠦᠭᠡᠢ︕ | ᠨᠥᠬᠦᠳ ᠡ᠂ ᠨᠠᠶᠢᠵᠠ ᠨᠠᠷ ᠡ︕ | ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠶᠡ᠃ | ᠵᠠᠭᠤᠨ ᠵᠢᠯ ᠤᠨ ᠡᠮᠦᠨ᠎ᠡ᠂ ᠨᠢᠭᠡ ᠪᠦᠯᠦᠭ ᠰᠢᠨ᠎ᠡ ᠵᠠᠯᠠᠭᠤᠴᠤᠳ ᠮᠠᠷᠺᠰ ᠤᠨ ᠦᠵᠡᠯ ᠤᠨ ᠦᠵᠡᠯ ᠰᠠᠨᠠᠭᠠᠨ ᠤ ᠭᠠᠯ | ᠪᠠᠮᠪᠠᠷ ᠢ ᠥᠨᠳᠥᠷ ᠮᠠᠨᠳᠤᠭᠤᠯᠵᠤ᠂ ᠰᠠᠯᠬᠢᠨ ᠪᠤᠷᠤᠭᠠᠨᠳᠤ ᠬᠠᠷᠠᠩᠭᠤᠢ ᠪᠦᠷᠦᠩᠭᠦᠢ ᠳᠤᠮᠳᠠᠳᠤ ᠤᠯᠤᠰ ᠲᠤ ᠨᠢᠬᠡ ᠯᠡ | ᠰᠡᠳᠬᠢᠯ ᠢᠶᠠᠷ ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠡᠭᠡᠳᠦᠢ ᠶᠢ ᠡᠷᠢᠯᠬᠢᠯᠡᠪᠡ᠃ ᠵᠠᠭᠤᠨ ᠵᠢᠯ ᠤᠨ ᠲᠤᠷᠰᠢ | ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠳᠣᠣᠷ᠎ᠠ᠂ ᠦᠶ᠎ᠡ ᠦᠶ᠎ᠡ ᠶᠢᠨ ᠳᠤᠮᠳᠠᠳᠤ ᠤᠯᠤᠰ ᠤᠨ | ᠵᠠᠯᠠᠭᠤᠴᠤᠳ ᠵᠠᠯᠠᠭᠤ ᠨᠠᠰᠤᠨ ᠤ ᠲᠡᠮᠡᠴᠡᠯ ᠢᠶᠠᠨ ᠨᠠᠮ ᠪᠠ ᠠᠷᠠᠳ ᠲᠦᠮᠡᠨ ᠤ ᠦᠢᠯᠡᠰ ᠲᠤ ᠠᠭᠤᠰᠬᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠤᠰᠢᠭᠤᠴᠢ ᠬᠦᠴᠦᠨ | ᠪᠣᠯᠤᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ | ᠳᠤᠮᠳᠠᠳᠤ ᠤᠯᠤᠰ ᠤᠨ ᠬᠥᠮᠦᠨ ᠪᠤᠯᠤᠬᠰᠠᠨ ᠤ ᠡᠷᠴᠢ ᠵᠣᠷᠢᠭ᠂ ᠰᠥᠰᠥ ᠵᠣᠷᠢᠭ᠂ ᠢᠳᠡᠬᠡᠯ ᠵᠤᠷᠢᠬ ᠢᠶᠠᠨ | ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠽᠠᠨᠳᠠᠨ ᠨᠠᠰᠤ ᠰᠠᠶᠢᠬᠠᠨ ᠴᠠᠬ ᠶᠢ ᠬᠥᠰᠡᠷᠳᠡᠭᠦᠯᠬᠦ ᠦᠭᠡᠢ | ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ︕ | ᠨᠥᠬᠦᠳ ᠡ᠂ ᠨᠠᠶᠢᠵᠠ ᠨᠠᠷ ᠡ︕ | ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠬᠤ ᠦᠶ᠎ᠡ ᠳᠤ 50 | ᠭᠠᠷᠦ᠋ᠢᠬᠠᠨ ᠨᠠᠮ ᠤᠨ ᠭᠡᠰᠢᠭᠦᠨ ᠲᠠᠢ ᠪᠠᠶᠢᠪᠠ᠂ ᠥᠨᠥᠳᠦᠷ ᠨᠢᠭᠡᠨᠲᠡ 9500 ᠭᠠᠷᠤᠢ ᠲᠦᠮᠡᠨ ᠨᠠᠮ ᠤᠨ | ᠭᠡᠰᠢᠭᠦᠨ ᠲᠠᠢ᠂ 14 ᠳ᠋ᠦᠩᠰᠢᠭᠤᠷ ᠭᠠᠷᠤᠢ ᠬᠥᠮᠦᠨ ᠠᠮᠠ ᠲᠠᠢ ᠲᠤᠮᠤ ᠤᠯᠤᠰ ᠢ ᠤᠳᠤᠷᠢᠳᠤᠭᠰᠠᠨ᠂ ᠪᠦᠬᠦ | ᠳᠡᠯᠡᠬᠡᠢ ᠶᠢᠨ ᠴᠢᠬᠤᠯᠠ ᠶᠡᠭᠡ ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠨᠢᠭᠡᠳᠦᠭᠡᠷ ᠲᠤᠮᠤ ᠲᠦᠷᠦ ᠪᠠᠷᠢᠭᠴᠢ ᠨᠠᠮ | ᠪᠣᠯᠵᠠᠢ᠃ | ᠵᠠᠭᠤᠨ ᠵᠢᠯ ᠤᠨ ᠡᠮᠦᠨ᠎ᠡ᠂ ᠳᠡᠯᠡᠬᠡᠶ ᠳ᠋ᠠᠬᠢᠨ ᠤ ᠬᠠᠷᠠᠭᠠᠨ ᠳᠤ ᠢᠯᠡᠷᠡᠭᠰᠡᠨ ᠲᠤᠮᠳᠠᠳᠤ ᠶᠢᠨ ᠦᠨᠳᠦᠰᠦᠳᠡᠨ ᠤ | ᠲᠦᠷᠢ ᠲᠦᠷᠬᠦ ᠨᠢ ᠲᠡᠶᠢᠮᠦ ᠯᠡ ᠦᠭᠡᠳᠡ ᠦᠭᠡᠢ ᠪᠠᠶᠢᠯ᠎ᠠ᠃ ᠥᠨᠥᠳᠦᠷ᠂ ᠳᠤᠮᠳᠠᠳᠤ ᠶᠢᠨ ᠦᠨᠳᠦᠰᠦᠲᠡᠨ ᠳᠡᠯᠡᠬᠡᠢ | ᠳ᠋ᠠᠬᠢᠨ ᠳᠤ ᠬᠥᠭᠵᠢᠨ ᠴᠡᠴᠡᠭᠯᠡᠭᠰᠡᠨ ᠪᠠᠶᠢᠳᠠᠯ ᠢ ᠢᠯᠡᠷᠡᠭᠦᠯᠵᠦ᠂ ᠬᠤᠷᠢᠬᠯᠠᠬᠳᠠᠰᠢ ᠦᠭᠡᠢ ᠠᠯᠬᠤᠭ᠎ᠠ ᠪᠠᠷ ᠠᠭᠤᠤ | ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠪᠠᠶᠢᠨ᠎ᠠ᠃ | ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠡᠭᠡᠨ᠂ | ᠲᠡᠦᠬᠡᠨ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠤ ᠮᠤᠷᠳᠠᠯ᠎ᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠡ︕ ᠨᠠᠮ ᠤᠨ ᠲᠦᠪ ᠬᠤᠷᠢᠶ᠎ᠠ ᠠᠴᠠ ᠲᠡ | ᠨᠡᠷ ᠢ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ | ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠵᠦ᠂ | ᠬᠦᠴᠦ ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ | ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ | ᠠᠯᠳᠠᠷ ᠢ ᠲᠡᠮᠡᠴᠡᠨ ᠤᠯᠬᠤ ᠪᠠᠷ ᠴᠢᠷᠮᠠᠶᠢᠰᠤᠭᠠᠢ ᠭᠡᠵᠦ ᠤᠷᠢᠶᠠᠯᠠᠵᠤ ᠪᠠᠶᠢᠨ᠎ᠠ︕ | ᠨᠥᠬᠦᠳ ᠡ᠂ ᠨᠠᠶᠢᠵᠠ ᠨᠠᠷ ᠡ︕ | ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠤᠨ ᠤ ᠠᠭᠤᠤ | ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ ᠲᠠᠢ ᠴᠠᠬ | ᠦᠶ᠎ᠡ ᠮᠦᠨ︕ ᠥᠩᠭᠡᠷᠡᠭᠰᠡᠨ ᠢᠶᠠᠨ ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠨᠢᠭᠲᠠ ᠪᠦᠯᠬᠦᠮᠳᠡᠯ ᠪᠠᠶᠢᠬᠰᠠᠨ ᠬᠤᠶᠢᠨ᠎ᠠ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ︕ | ᠠᠭᠤᠤ ᠶᠡᠭᠡ᠂ ᠢᠷᠠᠭᠤ ᠠᠯᠳᠠᠷ ᠲᠠᠢ᠂ ᠵᠥᠪ ᠣᠨᠣᠪᠴᠢᠲᠠᠶ ᠳᠤᠮᠳᠠᠳᠤ ᠤᠯᠤᠰ ᠤᠨ ᠡᠪ ᠬᠠᠮᠲᠤ ᠨᠠᠮ | ᠮᠠᠨᠳᠤᠲᠤᠭᠠᠶ︕ | ᠠᠭᠤᠤ ᠶᠡᠭᠡ᠂ ᠢᠷᠠᠭᠤ ᠠᠯᠳᠠᠷ ᠲᠠᠢ᠂ ᠡᠷᠡᠯᠬᠡᠭ ᠪᠠᠭᠠᠲᠤᠷᠯᠢᠭ ᠳᠤᠮᠳᠠᠳᠤ ᠤᠯᠤᠰ ᠤᠨ ᠠᠷᠠᠳ ᠲᠦᠮᠡᠨ | ᠮᠠᠨᠳᠤᠲᠤᠭᠠᠶ︕ |