ᠲᠦᠷᠦ ᠶᠢᠨ ᠨᠠᠮ ᠤᠨ ᠬᠠᠮᠲᠤᠷᠠᠯᠴᠠᠭ᠎ᠠ ᠶᠢ ᠴᠢᠩᠭᠠᠳᠬᠠᠵᠤ ᠠᠷᠠᠳ ᠲᠦᠮᠡᠨ ᠤ ᠵᠣᠯ ᠵᠢᠷᠭᠠᠯ ᠢ ᠬᠠᠮᠲᠤ ᠪᠠᠷ ᠡᠷᠢᠯᠬᠢᠯᠡᠶ᠎ᠡ — ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ
ᠨᠡᠶᠢᠲᠡᠯᠡᠭᠰᠡᠨ ᠴᠠᠭ᠄
2021/7/9
ᠲᠦᠷᠦ ᠶᠢᠨ ᠨᠠᠮ ᠤᠨ ᠬᠠᠮᠲᠤᠷᠠᠯᠴᠠᠭ᠎ᠠ ᠶᠢ ᠴᠢᠩᠭᠠᠳᠬᠠᠵᠤ ᠠᠷᠠᠳ ᠲᠦᠮᠡᠨ ᠤ ᠵᠣᠯ ᠵᠢᠷᠭᠠᠯ ᠢ ᠬᠠᠮᠲᠤ ᠪᠠᠷ ᠡᠷᠢᠯᠬᠢᠯᠡᠶ᠎ᠡ — ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ ︵2021 ᠣᠨ ᠤ 7 ᠰᠠᠷ᠎ᠠ ᠶᠢᠨ 6 ᠤ ᠡᠳᠦᠷ᠂ ᠪᠡᠭᠡᠵᠢᠩ ᠳᠤ︶ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠡᠷᠬᠢᠮ ᠬᠦᠨᠳᠦᠲᠦ ᠲᠥᠷᠥ ᠶᠢᠨ ᠨᠠᠮ ᠤᠨ ᠤᠳᠤᠷᠢᠳᠬᠤ ᠬᠥᠮᠦᠰ ᠡ᠂ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ᠄      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠲᠠᠰᠢᠷᠠᠮ ᠢᠶᠠᠷ᠂ 160 ᠭᠠᠷᠤᠢ ᠤᠯᠤᠰ ᠠᠴᠠ ᠬᠦᠷᠦᠯᠴᠡᠨ ᠢᠷᠡᠭᠰᠡᠨ 500 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ᠂ ᠲᠦᠷᠦ ᠶᠢᠨ ᠨᠠᠮ ᠪᠣᠯᠤᠨ ᠡᠯ᠎ᠡ ᠡᠲᠡᠭᠡᠳ ᠤᠨ ᠲᠦᠮᠡ ᠭᠠᠷᠤᠢ ᠲᠥᠯᠥᠭᠡᠯᠡᠭᠴᠢᠳ ᠲᠠᠢ ᠬᠠᠮᠲᠤ ︽ᠡᠭᠦᠯᠡᠨ ᠲᠠᠪᠴᠠᠩ︾ ᠳᠤ ᠴᠤᠭᠯᠠᠷᠠᠵᠤ᠂ ︽ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠪᠤᠯᠤᠨ ᠲᠦᠷᠦ ᠶᠢᠨ ᠨᠠᠮ ᠤᠨ ᠬᠠᠷᠢᠭᠤᠴᠠᠯᠭ᠎ᠠ︾ ᠭᠡᠬᠦ ᠡᠨᠡ ᠬᠦ ᠴᠢᠬᠤᠯᠠ ᠶᠡᠭᠡ ᠰᠡᠳᠦᠪ ᠢ ᠰᠤᠳᠤᠯᠤᠨ ᠶᠠᠷᠢᠯᠴᠠᠬᠤ ᠪᠤᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠤᠢᠢᠷ᠎ᠠ ᠶᠢᠨ ᠬᠤᠭᠤᠴᠠᠭᠠᠨ ᠳᠤ᠂ 170 ᠭᠠᠷᠤᠢ ᠤᠯᠤᠰ ᠤᠨ 600 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠨᠤᠭᠤᠳ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠲᠤᠬᠠᠢ 1500 ᠭᠠᠷᠤᠢ ᠬᠤᠪᠢ ᠪᠠᠶᠠᠷ ᠤᠨ ᠴᠠᠬᠢᠯᠭᠠᠨ ᠴᠢᠮᠡᠭᠡ ᠪᠠᠶᠠᠷ ᠤᠨ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠨᠥᠬᠦᠷᠰᠡᠭ ᠰᠡᠳᠬᠢᠯᠭᠡ ᠪᠣᠯᠤᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠢᠯᠡᠳᠬᠡᠪᠡ᠃ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠮᠦᠨ᠎ᠡ ᠠᠴᠠ ᠲᠠ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠬᠡᠳᠦᠨ ᠡᠳᠦᠷ ᠤᠨ ᠡᠮᠦᠨ᠎ᠡ᠂ ᠪᠢᠳᠡ ᠶᠡᠭᠡ ᠬᠤᠷᠠᠯ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠪᠡ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠪᠠ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠬᠤᠪᠢ ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ᠂ ᠳᠡᠯᠡᠬᠡᠢ ᠶᠢᠨ ᠶᠡᠭᠡ ᠲᠠᠯ᠎ᠠ ᠪᠣᠯᠤᠨ ᠴᠠᠭ ᠦᠶ᠎ᠡ ᠶᠢᠨ ᠤᠷᠤᠰᠬᠠᠯ ᠳᠤᠮᠳᠠ ᠳᠤᠮᠳᠠᠳᠤ ᠤᠯᠤᠰ ᠤᠨ ᠬᠥᠭᠵᠢᠯᠲᠡ ᠶᠢᠨ ᠤᠷᠤᠭᠰᠢᠯᠠᠬᠤ ᠴᠢᠭᠯᠡᠯ ᠢ ᠡᠵᠡᠮᠳᠡᠵᠦ᠂ ᠡᠯ᠎ᠡ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠪᠠ᠃      ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠨᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠵᠦ ᠬᠠᠪᠰᠤᠷᠤᠭᠰᠠᠨ ᠡᠯ᠎ᠡ ᠤᠯᠤᠰ ᠤᠨ ᠲᠦᠷᠦ ᠶᠢᠨ ᠨᠠᠮ᠂ ᠠᠷᠠᠳ ᠲᠦᠮᠡᠨ ᠪᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕      ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠳᠡᠯᠡᠬᠡᠢ ᠶᠢᠨ ᠤᠯᠠᠨ ᠲᠦᠢᠯᠵᠢᠯ᠂ ᠠᠵᠤ ᠠᠬᠤᠢ ᠶᠢᠨ ᠳᠡᠯᠡᠬᠡᠶᠢᠵᠢᠯ ᠨᠢ ᠭᠦᠨᠵᠡᠭᠡᠢ ᠬᠤᠪᠢᠷᠠᠯᠲᠠ ᠶᠢᠨ ᠳᠤᠮᠳᠠ ᠣᠷᠣᠰᠢᠵᠤ᠂ ᠡᠯ᠎ᠡ ᠤᠯᠤᠰ ᠬᠠᠷᠢᠯᠴᠠᠵᠦ᠂ ᠲᠦᠰᠢᠯᠴᠡᠵᠦ᠂ ᠨᠥᠯᠥᠭᠡᠯᠡᠯᠴᠡᠬᠦ ᠨᠢ ᠨᠡᠩ ᠨᠢᠭᠲᠠ ᠪᠣᠯᠵᠠᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠥᠷᠢᠰᠥᠯᠳᠦᠭᠡᠨ ᠢ ᠠᠷᠭᠠᠴᠡᠭᠠᠵᠤ᠂ ᠠᠵᠤ ᠠᠬᠤᠶ ᠶᠢᠨ ᠰᠡᠷᠭᠦᠯᠲᠡ ᠶᠢ ᠠᠬᠢᠭᠤᠯᠤᠨ᠂ ᠳᠡᠯᠡᠬᠡᠶ ᠶᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠳᠡᠯᠡᠬᠡᠶ ᠨᠡᠶᠢᠭᠡᠮ ᠢᠶᠠᠷ ᠢᠶᠠᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠡᠯ᠎ᠡ ᠤᠯᠤᠰ ᠤᠨ ᠲᠥᠷᠥ ᠶᠢᠨ ᠨᠠᠮ ᠢᠳᠡᠪᠬᠢᠲᠡᠶ ᠰᠦᠪᠡᠭᠴᠢᠯᠡᠯᠳᠡ ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠪᠡ᠃ ᠡᠭᠦᠨ ᠤ ᠬᠠᠮᠲᠤ᠂ ᠵᠠᠷᠢᠮ ᠭᠠᠵᠠᠷ ᠣᠷᠣᠨ ᠤ ᠲᠠᠶᠢᠨ ᠳᠠᠵᠢᠨ ᠪᠠ ᠮᠥᠷᠭᠦᠯᠳᠦᠭᠡᠨ ᠮᠥᠨ ᠯᠡ ᠦᠷᠭᠦᠯᠵᠢᠯᠡᠵᠦ᠂ ᠥᠯᠥᠰᠬᠦᠯᠡᠩ ᠭᠠᠴᠢᠭ ᠪᠠ ᠡᠪᠡᠳᠴᠢᠨ ᠡᠮᠭᠡᠭ ᠮᠥᠨ ᠯᠡ ᠳᠡᠯᠭᠡᠷᠡᠵᠦ᠂ ᠵᠠᠪᠰᠠᠷᠳᠠᠯ ᠪᠠ ᠡᠰᠡᠷᠭᠦᠴᠡᠯᠳᠦᠯ ᠮᠥᠨ ᠯᠡ ᠭᠦᠨᠵᠡᠭᠡᠶᠢᠷᠡᠵᠦ᠂ ᠡᠯ᠎ᠡ ᠤᠯᠤᠰ ᠤᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠬᠦᠰᠡᠯ ᠱᠠᠭᠠᠷᠳᠠᠯᠭ᠎ᠠ ᠨᠡᠩ ᠴᠢᠩᠭ᠎ᠠ ᠪᠤᠯᠵᠤ ᠪᠠᠶᠢᠨ᠎ᠠ᠃      ᠥᠨᠥᠳᠦᠷ᠂ ᠬᠥᠮᠦᠨ ᠲᠥᠷᠥᠯᠬᠢᠲᠡᠨ ᠤ ᠨᠡᠶᠢᠭᠡᠮ ᠶᠠᠮᠠᠷ ᠵᠠᠮ ᠢᠶᠠᠷ ᠶᠠᠪᠤᠵᠤ ᠬᠡᠷᠬᠢᠨ ᠴᠢᠷᠮᠠᠶᠢᠬᠤ ᠲᠡᠦᠬᠡ ᠶᠢᠨ ᠴᠠᠭ ᠥᠶ᠎ᠠ ᠳᠤ ᠳᠠᠬᠢᠨᠲᠠ ᠬᠥᠷᠴᠤ ᠢᠷᠡᠪᠡ᠂ ᠳᠠᠶᠢᠰᠤᠩᠨᠠᠨ ᠡᠰᠡᠷᠭᠦᠴᠡᠯᠳᠦᠬᠦ ᠶᠤᠮ ᠦᠦ ᠬᠠᠷᠢᠯᠴᠠᠨ ᠬᠦᠨᠳᠦᠳᠬᠡᠬᠦ ᠶᠤᠮ ᠦᠦ︖ ᠪᠢᠲᠡᠭᠦᠮᠵᠢᠯᠡᠨ ᠬᠠᠷᠢᠴᠠᠭ᠎ᠠ ᠪᠠᠨ ᠲᠠᠰᠤᠯᠬᠤ ᠶᠤᠮ ᠦᠦ ᠡᠰᠡᠬᠦᠯ᠎ᠡ ᠨᠡᠭᠡᠭᠡᠯᠲᠡ ᠬᠢᠵᠦ ᠬᠠᠮᠲᠤᠷᠠᠯᠴᠠᠬᠤ ᠶᠤᠮ ᠦᠦ︖ ᠡᠪᠰᠡᠯ ᠦᠭᠡᠢ ᠲᠡᠮᠡᠴᠡᠯᠳᠦᠬᠦ ᠶᠤᠮ ᠦᠦ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠤᠮ ᠦᠦ︖ ᠰᠣᠩᠭᠤᠯᠲᠠ ᠮᠠᠨ ᠤ ᠭᠠᠷ ᠲᠤ ᠪᠠᠶᠢᠨ᠎ᠠ᠂ ᠬᠠᠷᠢᠭᠤᠴᠠᠯᠭ᠎ᠠ ᠪᠢᠳᠡᠨ ᠤ ᠮᠥᠷᠥᠨ ᠳᠡᠭᠡᠷ᠎ᠡ ᠲᠠᠯᠪᠢᠬᠳᠠᠵᠦ ᠪᠠᠶᠢᠨ᠎ᠠ᠃      ᠬᠥᠮᠦᠨ ᠲᠥᠷᠥᠯᠬᠢᠲᠡᠨ ᠪᠣᠯ ᠨᠢᠭᠡᠨ ᠪᠦᠬᠦᠯᠢ ᠴᠣᠭᠴᠠ᠂ ᠳᠡᠯᠡᠬᠡᠶ ᠶᠢᠨ ᠪᠥᠮᠪᠥᠷᠴᠡᠭ ᠪᠣᠯ ᠨᠢᠭᠡᠨ ᠭᠡᠷ ᠣᠷᠣᠨ ᠮᠥᠨ᠃ ᠬᠠᠮᠲᠤ ᠶᠢᠨ ᠥᠷᠢᠰᠥᠯᠳᠦᠭᠡᠨ ᠤ ᠡᠮᠦᠨ᠎ᠡ᠂ ᠶᠠᠮᠠᠷᠪᠠ ᠬᠥᠮᠦᠨ ᠶᠠᠮᠠᠷᠪᠠ ᠤᠯᠤᠰ ᠭᠡᠳ ᠴᠥᠮ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠪᠠᠶᠢᠵᠤ ᠴᠢᠳᠠᠬᠤ ᠦᠭᠡᠢ ᠶᠤᠮ᠂ ᠬᠥᠮᠦᠨ ᠲᠥᠷᠥᠯᠬᠢᠲᠡᠨ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠭᠠᠭᠴᠠᠬᠠᠨ ᠯᠠ ᠵᠠᠮ ᠪᠠᠶᠢᠳᠠᠭ᠃ ᠲᠦᠷᠦ ᠶᠢᠨ ᠨᠠᠮ ᠨᠢ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠵᠥᠪ ᠤᠷᠤᠭᠰᠢᠯᠠᠬᠤ ᠴᠢᠭᠯᠡᠯ ᠢ ᠪᠠᠷᠢᠮᠳᠠᠯᠠᠨ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠬᠥᠮᠦᠨ ᠲᠥᠷᠥᠯᠬᠢᠲᠡᠨ ᠤ ᠲᠠᠪᠰᠢᠯᠳᠠ ᠶᠢ ᠪᠡᠶᠡᠯᠡᠭᠦᠯᠬᠦ ᠲᠡᠦᠬᠡᠲᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠮᠢᠨᠦ ᠦᠵᠡᠬᠦ ᠪᠠᠷ ᠲᠦᠷᠦ ᠶᠢᠨ ᠨᠠᠮ ᠳᠣᠣᠷᠠᠬᠢ ᠬᠡᠳᠦᠨ ᠵᠦᠢᠯ ᠢ ᠴᠢᠷᠮᠠᠶᠢᠨ ᠪᠡᠶᠡᠯᠡᠭᠦᠯᠪᠡᠯ ᠵᠤᠬᠢᠨ᠎ᠠ᠃      ᠨᠢᠭᠡᠳᠦᠭᠡᠷ ᠲᠤ᠂ ᠪᠢᠳᠠ ᠴᠢᠭᠯᠡᠯ ᠢ ᠬᠦᠳᠦᠯᠦᠨ ᠳᠠᠭᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠮᠦᠨ ᠲᠥᠷᠥᠯᠬᠢᠲᠡᠨ ᠤ ᠬᠠᠮᠲᠤ ᠶᠢᠨ ᠢᠷᠡᠭᠡᠳᠦᠢ ᠶᠢ ᠡᠵᠡᠮᠳᠡᠨ ᠴᠣᠭᠴᠠᠯᠠᠶ᠎ᠠ᠃ ᠠᠷᠠᠳ ᠲᠦᠮᠡᠨ ᠪᠠᠶᠠᠨ ᠴᠢᠨᠡᠭᠡᠯᠢᠭ ᠠᠮᠤᠷ ᠠᠮᠤᠭᠤᠯᠠᠩ ᠢ ᠬᠦᠰᠡᠨ ᠡᠷᠡᠮᠡᠯᠵᠡᠵᠦ᠂ ᠲᠥᠪ ᠭᠤᠣᠯᠴᠢ ᠰᠢᠳᠤᠷᠭᠤ ᠶᠣᠰᠣ ᠶᠢ ᠬᠦᠰᠡᠨ ᠡᠷᠡᠮᠡᠯᠵᠡᠳᠡᠭ ᠶᠤᠮ᠃ ᠶᠡᠭᠡ ᠴᠠᠭ ᠦᠶ᠎ᠡ ᠳᠤ ᠶᠡᠭᠡ ᠪᠠᠶᠢᠷᠢᠰᠢᠯ ᠱᠠᠭᠠᠷᠳᠠᠭᠳᠠᠨ᠎ᠠ᠂ ᠶᠡᠭᠡ ᠪᠠᠶᠢᠷᠢᠰᠢᠯ ᠨᠢ ᠠᠭᠤᠳᠠᠮ ᠪᠠᠭᠳᠠᠭᠠᠮᠵᠢᠳᠠᠢ ᠪᠠᠶᠢᠬᠤ ᠶᠢ ᠤᠷᠢᠶᠠᠯᠠᠨ᠎ᠠ᠃ ︽ᠦᠪᠡᠷ ᠤᠨ ᠤᠯᠤᠰ ᠢᠶᠠᠨ ᠤᠷᠢᠳ ᠢᠶᠠᠷ ᠪᠤᠳᠤᠯᠬᠢᠯᠠᠬᠤ︾ ᠡᠭᠦᠳᠡᠨ ᠠᠴᠠ ᠦᠵᠡᠪᠡᠯ᠂ ᠳᠡᠯᠡᠬᠡᠢ ᠶᠢᠷᠲᠢᠨᠴᠦ ᠪᠣᠯ ᠢᠪᠴᠤᠤ ᠴᠢᠬᠤᠯ ᠪᠠᠶᠢᠵᠤ᠂ ᠴᠠᠭ ᠢᠮᠠᠭᠲᠠ ︽ᠬᠤᠷᠴᠠ ᠰᠢᠷᠦᠭᠦᠨ ᠥᠷᠢᠰᠥᠯᠳᠦᠭᠡᠨ︾ ᠳᠤᠮᠳᠠ ᠤᠷᠤᠰᠢᠵᠤ ᠪᠠᠶᠢᠳᠠᠭ᠃ ᠬᠤᠪᠢ ᠵᠠᠶᠠᠭ᠎ᠠ ᠪᠠᠨ ᠬᠠᠮᠲᠤᠳᠬᠠᠬᠤ ᠡᠭᠦᠳᠡᠨ ᠠᠴᠠ ᠦᠵᠡᠪᠡᠯ᠂ ᠳᠡᠯᠡᠬᠡᠢ ᠶᠢᠷᠲᠢᠨᠴᠦ ᠪᠣᠯ ᠥᠷᠭᠡᠨ ᠠᠭᠤᠳᠠᠮ ᠪᠠᠶᠢᠵᠦ᠂ ᠭᠠᠵᠠᠷ ᠪᠣᠯᠭᠠᠨ ᠳᠤ ᠴᠥᠮ ᠬᠠᠮᠲᠤᠷᠠᠯᠴᠠᠭ᠎ᠠ ᠬᠢᠬᠦ ᠠᠵᠠ ᠲᠣᠬᠢᠶᠠᠯ ᠲᠠᠢ ᠪᠠᠶᠢᠭ᠎ᠠ ᠶᠤᠮ᠃ ᠪᠢᠳᠡ ᠠᠷᠠᠳ ᠲᠦᠮᠡᠨ ᠤ ᠬᠦᠰᠡᠯ ᠰᠠᠨᠠᠭ᠎ᠠ ᠶᠢ ᠰᠣᠨᠣᠰᠴᠤ᠂ ᠴᠠᠭ ᠦᠶ᠎ᠡ ᠶᠢᠨ ᠤᠷᠤᠰᠬᠠᠯ ᠳᠤ ᠵᠤᠬᠢᠴᠠᠨ᠂ ᠡᠯ᠎ᠡ ᠤᠯᠤᠰ ᠤᠨ ᠬᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ ᠲᠤᠰᠠ ᠶᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ ᠨᠢᠭᠡᠳᠬᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠤᠷᠤᠭᠰᠢᠯᠠᠶ᠎ᠠ᠃      ᠬᠤᠶᠠᠳᠤᠭᠠᠷ ᠲᠤ᠂ ᠪᠢᠳᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠲᠤ ᠰᠠᠬᠢᠨ ᠪᠠᠳᠠᠷᠠᠭᠤᠯᠤᠶ᠎ᠠ᠃ ᠡᠯ᠎ᠡ ᠤᠯᠤᠰ ᠤᠨ ᠲᠡᠦᠬᠡ᠂ ᠰᠣᠶᠣᠯ᠂ ᠪᠠᠶᠢᠭᠤᠯᠤᠯ᠂ ᠬᠥᠭᠵᠢᠯᠲᠡ ᠶᠢᠨ ᠲᠦᠪᠰᠢᠨ ᠨᠢ ᠠᠳᠠᠯᠢ ᠦᠭᠡᠢ ᠪᠣᠯᠪᠠᠴᠤ ᠡᠯ᠎ᠡ ᠤᠯᠤᠰ ᠤᠨ ᠠᠷᠠᠳ ᠲᠦᠮᠡᠨ ᠴᠥᠮ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠬᠥᠭᠡᠭᠡᠴᠡᠯᠳᠦᠳᠡᠭ ᠶᠤᠮ᠃ ᠪᠢᠳᠡ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠤᠨ ᠰᠠᠨᠠᠭᠠᠴᠢᠯᠠᠭᠴᠢ ᠪᠤᠯᠵᠤ᠂ ᠦᠷᠲᠡᠭ ᠤᠨ ᠠᠭᠤᠯᠤᠭᠳᠠᠬᠤᠨ ᠤ ᠲᠤᠬᠠᠢ ᠠᠳᠠᠯᠢ ᠪᠤᠰᠤ ᠪᠣᠯᠪᠠᠰᠤᠨ ᠤ ᠲᠠᠨᠢᠯᠳᠠ ᠶᠢ ᠠᠭᠤᠳᠠᠮ ᠪᠠᠭᠲᠠᠭᠠᠮᠵᠢᠲᠠᠢ ᠪᠠᠷ ᠣᠶᠢᠯᠠᠭᠠᠵᠤ᠂ ᠠᠳᠠᠯᠢ ᠪᠤᠰᠤ ᠤᠯᠤᠰ ᠤᠨ ᠠᠷᠠᠳ ᠲᠦᠮᠡᠨ ᠤ ᠦᠷᠲᠡᠭ ᠢᠶᠠᠨ ᠪᠡᠶᠡᠯᠡᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠬᠦ ᠶᠢ ᠬᠦᠨᠳᠦᠳᠬᠡᠵᠦ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠦᠢᠯᠡᠳᠦᠯᠭᠡ ᠳᠤ ᠪᠣᠳᠠᠲᠠᠢ ᠪᠦᠭᠡᠳ ᠠᠬᠤᠢᠢᠴᠢ ᠪᠠᠷ ᠢᠯᠡᠷᠡᠭᠦᠯᠦᠶ᠎ᠠ᠃      ᠭᠤᠷᠪᠠᠳᠤᠭᠠᠷ ᠲᠤ᠂ ᠪᠢᠳᠡ ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠶ᠎ᠠ᠃ ᠬᠥᠭᠵᠢᠯᠳᠡ ᠪᠣᠯ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ᠬᠥᠮᠦᠨ ᠲᠥᠷᠥᠯᠬᠢᠲᠡᠨ ᠤ ᠵᠣᠯ ᠵᠢᠷᠭᠠᠯ ᠢ ᠬᠥᠭᠡᠭᠡᠴᠡᠯᠳᠦᠬᠦ ᠵᠠᠮ ᠳᠡᠭᠡᠷ᠎ᠡ᠂ ᠨᠢᠭᠡ ᠤᠯᠤᠰ᠂ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ ᠳᠡᠯᠡᠬᠡᠢ ᠳᠡᠭᠡᠷᠡᠬᠢ ᠠᠯᠢᠪᠠ ᠤᠯᠤᠰ᠂ ᠠᠯᠢᠪᠠ ᠦᠨᠳᠦᠰᠦᠲᠡᠨ ᠴᠥᠮ ᠬᠥᠭᠵᠢᠯᠲᠡ ᠶᠢᠨ ᠠᠵᠠ ᠲᠣᠬᠢᠶᠠᠯ ᠪᠠ ᠡᠷᠬᠡ ᠶᠢ ᠡᠷᠬᠡ ᠲᠡᠭᠰᠢ ᠪᠠᠷ ᠡᠳ᠋ᠯᠡᠬᠦ ᠶᠣᠰᠣᠲᠠᠢ ᠶᠤᠮ᠃ ᠪᠢᠳᠠ ᠪᠠᠶᠠᠨ ᠶᠠᠳᠠᠭᠤ ᠶᠢᠨ ᠵᠥᠷᠢᠶ᠎ᠡ᠂ ᠬᠦᠭᠵᠢᠯᠲᠡ ᠶᠢᠨ ᠵᠠᠪᠰᠠᠷ ᠵᠠᠭᠠᠭ ᠵᠡᠷᠭᠡ ᠴᠢᠬᠤᠯᠠ ᠶᠡᠭᠡ ᠠᠬᠤᠢᠢᠴᠢ ᠠᠰᠠᠭᠤᠳᠠᠯ ᠳᠤ ᠰᠢᠭᠤᠳ ᠬᠠᠨᠳᠤᠵᠤ᠂ ᠬᠥᠭᠵᠢᠭᠡᠳᠦᠢ ᠤᠯᠤᠰ ᠪᠠ ᠭᠠᠵᠠᠷ ᠣᠷᠣᠨ ᠳᠤ ᠠᠩᠬᠠᠷᠤᠯ ᠢᠶᠠᠨ ᠬᠠᠨᠳᠤᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠶᠢᠷᠠᠯᠠᠨ ᠬᠠᠯᠠᠮᠵᠢᠯᠠᠵᠤ᠂ ᠭᠠᠵᠠᠷ ᠪᠣᠯᠭᠠᠨ ᠳᠤ ᠬᠦᠰᠡᠯ ᠡᠷᠡᠮᠡᠯᠵᠡᠯ ᠤᠯᠭᠤᠶ᠎ᠠ᠃ ᠡᠷᠲᠡᠨ ᠤ ᠳᠤᠮᠳᠠᠳᠤ ᠤᠯᠤᠰ ᠤᠨ ᠬᠥᠮᠦᠨ᠄ ︽ᠥᠪᠡᠷ ᠢ ᠪᠠᠨ ᠯᠠ ᠪᠤᠳᠤᠵᠤ ᠦᠷᠦᠭᠡᠯ ᠢ ᠬᠠᠶᠢᠬᠤᠷᠬᠤ ᠦᠭᠡᠢ ᠪᠤᠯᠪᠠᠰᠤ᠂ ᠤᠯᠠᠨ ᠳᠤ ᠵᠢᠭᠰᠢᠭᠳᠡᠮᠤᠢ︔ ᠦᠪᠡᠷ ᠢ ᠪᠠᠨ ᠤᠮᠠᠷᠳᠠᠵᠦ ᠪᠤᠰᠤᠳ ᠢ ᠲᠡᠳᠬᠦᠪᠡᠰᠦ᠂ ᠣᠯᠠᠨ ᠳᠤ ᠬᠦᠷᠢᠶᠡᠯᠡᠭᠳᠡᠮᠤᠢ︾ ᠭᠡᠳᠡᠭ᠃ ᠬᠥᠭᠵᠢᠯᠲᠡ ᠪᠣᠯ ᠳᠡᠯᠡᠬᠡᠢ ᠶᠢᠨ ᠡᠯ᠎ᠡ ᠤᠯᠤᠰ ᠤᠨ ᠡᠷᠬᠡ ᠮᠥᠨ᠂ ᠬᠠᠷᠢᠨ ᠴᠥᠭᠡᠨ ᠲᠣᠭᠠᠨ ᠤ ᠬᠡᠳᠦᠨ ᠤᠯᠤᠰ ᠤᠨ ᠲᠤᠰᠬᠠᠢ ᠠᠰᠢᠭ ᠪᠢᠰᠢ᠃ ᠪᠢᠳᠡ ᠡᠯ᠎ᠡ ᠤᠯᠤᠰ ᠤᠨ ᠬᠥᠭᠵᠢᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ᠂ ᠡᠯ᠎ᠡ ᠤᠯᠤᠰ ᠤᠨ ᠠᠷᠠᠳ ᠲᠦᠮᠡᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠡᠷᠭᠡ ᠲᠡᠭᠰᠢ ᠴᠢᠨᠠᠷ᠂ ᠪᠦᠲᠦᠮᠵᠢᠲᠦ ᠴᠢᠨᠠᠷ᠂ ᠬᠠᠮᠵᠢᠯᠴᠠᠬᠤ ᠴᠢᠨᠠᠷ ᠢ ᠳᠡᠭᠡᠭᠰᠢᠯᠡᠭᠦᠯᠵᠦ᠂ ᠶᠠᠮᠠᠷᠪᠠ ᠬᠥᠮᠦᠨ ᠤ ᠮᠡᠷᠭᠡᠵᠢᠯ ᠤᠨ ᠪᠢᠲᠡᠭᠦᠮᠵᠢᠯᠡᠯ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠪᠰᠠᠷ ᠵᠠᠭᠠᠭ ᠭᠠᠷᠭᠠᠬᠤ᠂ ᠬᠥᠭᠵᠢᠯᠲᠡ ᠶᠢᠨ ᠬᠠᠷᠢᠴᠠᠭ᠎ᠠ ᠪᠠᠨ ᠲᠠᠰᠤᠯᠬᠤ ᠶᠢ ᠬᠠᠮᠲᠤ ᠪᠠᠷ ᠡᠰᠡᠷᠭᠦᠴᠡᠶ᠎ᠡ᠃ ᠪᠤᠰᠤᠳ ᠤᠯᠤᠰ ᠤᠨ ᠬᠥᠭᠵᠢᠯᠲᠡ ᠶᠢ ᠬᠠᠷᠰᠢᠯᠠᠬᠤ᠂ ᠪᠤᠰᠤᠳ ᠤᠯᠤᠰ ᠤᠨ ᠠᠷᠠᠳ ᠲᠦᠮᠡᠨ ᠤ ᠠᠮᠢᠳᠤᠷᠠᠯ ᠢ ᠬᠤᠬᠢᠷᠠᠭᠤᠯᠬᠤ ᠪᠠᠷ ᠰᠥᠷᠳᠡᠬᠦᠯᠦᠭᠰᠡᠨ ᠶᠠᠮᠠᠷᠪᠠ ᠤᠯᠤᠰ ᠲᠦᠷᠦ ᠶᠢᠨ ᠤᠷᠤᠯᠳᠤᠯᠭ᠎ᠠ ᠨᠢ ᠴᠥᠮ ᠬᠥᠮᠦᠨ ᠤ ᠰᠡᠳᠬᠢᠯ ᠢ ᠤᠯᠬᠤ ᠦᠭᠡᠢ ᠪᠥᠭᠡᠳ ᠡᠴᠦᠰ ᠲᠡᠭᠡᠨ ᠲᠠᠯᠠᠭᠠᠷ ᠪᠣᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ︕      ᠳᠥᠷᠪᠡᠳᠦᠭᠡᠷ ᠲᠤ᠂ ᠪᠢᠳᠡ ᠬᠠᠮᠲᠤᠷᠠᠯᠴᠠᠭ᠎ᠠ ᠪᠠᠨ ᠴᠢᠩᠭᠠᠳᠬᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠪᠥᠮᠪᠥᠷᠴᠡᠭ ᠤᠨ ᠴᠢᠨᠠᠷᠲᠠᠢ ᠠᠶᠤᠯ ᠲᠦᠭᠰᠢᠭᠦᠷᠢ ᠪᠣᠯᠤᠨ ᠥᠷᠢᠰᠥᠯᠳᠦᠭᠡᠨ ᠢ ᠭᠠᠷ ᠬᠤᠯᠪᠣᠯᠴᠠᠨ ᠠᠷᠭᠠᠴᠠᠭᠠᠶ᠎ᠠ᠃ ᠮᠥᠨ ᠬᠦ ᠦᠷᠪᠢᠰᠦᠨ ᠳᠡᠯᠭᠡᠷᠡᠵᠦ ᠪᠠᠶᠢᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠶᠢ ᠰᠠᠨᠠᠭᠠᠴᠢᠯᠠᠵᠤ᠂ ︽ᠦᠯᠦ ᠬᠠᠯᠳᠠᠭᠠᠬᠤ ᠴᠢᠳᠠᠪᠤᠷᠢ ᠶᠢᠨ ᠵᠠᠭᠠᠭ ᠵᠠᠪᠰᠠᠷ︾ ᠢ ᠨᠥᠬᠦᠪᠥᠷᠢᠯᠡᠵᠦ᠂ ᠬᠢᠵᠢᠭ ᠢ ᠤᠯᠤᠰ ᠲᠥᠷᠥᠴᠢᠯᠡᠬᠦ᠂ ᠸᠢᠷᠦ᠋ᠰ ᠲᠤ ᠲᠡᠮᠳᠡᠭ ᠬᠠᠳᠠᠬᠤ ᠶᠢ ᠡᠰᠡᠷᠭᠦᠴᠡᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ᠃ ᠰᠦᠷᠳᠡᠭᠦᠯᠬᠦ ᠦᠵᠡᠯ ᠵᠡᠷᠭᠡ ᠬᠥᠮᠦᠨ ᠲᠥᠷᠥᠯᠬᠢᠲᠡᠨ ᠤ ᠬᠠᠮᠲᠤ ᠶᠢᠨ ᠳᠠᠶᠢᠰᠤᠨ ᠤ ᠡᠮᠦᠨ᠎ᠡ᠂ ᠪᠢᠳᠠ ᠬᠠᠮᠲᠤᠷᠠᠯᠴᠠᠭ᠎ᠠ ᠪᠠᠷ ᠠᠮᠤᠷ ᠲᠦᠪᠰᠢᠨ ᠢ ᠡᠷᠢᠯᠭᠢᠯᠡᠵᠤ᠂ ᠠᠮᠤᠷ ᠲᠦᠪᠰᠢᠨ ᠤ ︽ᠬᠠᠯᠬᠠᠪᠴᠢ︾ ᠶᠢ ᠬᠠᠮᠲᠤ ᠪᠠᠷ ᠰᠠᠶᠢᠲᠤᠷ ᠴᠣᠭᠴᠠᠯᠠᠶ᠎ᠠ᠃ ᠬᠡᠪᠡᠷᠡᠭ ᠠᠮᠢ ᠠᠬᠤᠢ ᠣᠷᠴᠢᠨ ᠲᠣᠭᠤᠷᠢᠨ ᠤ ᠡᠮᠦᠨ᠎ᠠ᠂ ᠪᠢᠳᠡ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ ᠪᠠᠶᠢᠭᠤᠯᠤᠶ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯᠳᠡ ᠳᠤ ᠤᠴᠠᠷᠠᠭᠤᠯᠤᠭᠰᠠᠨ ᠬᠦᠨᠳᠦ ᠬᠡᠴᠡᠭᠦᠦ ᠥᠷᠢᠰᠥᠯᠳᠦᠭᠡᠨ ᠤ ᠡᠮᠦᠨ᠎ᠡ᠂ ᠪᠢᠳᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠵᠠᠮ ᠢ ᠬᠠᠮᠲᠤ ᠪᠠᠷ ᠰᠦᠪᠡᠭᠴᠢᠯᠡᠶ᠎ᠠ᠃      ᠲᠠᠪᠤᠳᠤᠭᠠᠷ ᠲᠤ᠂ ᠪᠢᠳᠡ ᠵᠠᠰᠠᠯᠲᠠ ᠶᠢ ᠲᠡᠭᠦᠯᠳᠡᠷᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠶ᠎ᠠ᠃ ᠵᠣᠯ ᠵᠢᠷᠭᠠᠯ ᠢ ᠤᠯᠬᠤ ᠵᠠᠮ ᠠᠳᠠᠯᠢ ᠪᠤᠰᠤ ᠪᠠᠶᠢᠲᠠᠭ᠂ ᠡᠯ᠎ᠡ ᠤᠯᠤᠰ ᠤᠨ ᠠᠷᠠᠳ ᠲᠦᠮᠡᠨ ᠥᠪᠡᠷ ᠤᠨ ᠬᠥᠭᠵᠢᠯᠲᠡ ᠶᠢᠨ ᠵᠠᠮ ᠪᠣᠯᠤᠨ ᠪᠠᠶᠢᠭᠤᠯᠤᠯ ᠤᠨ ᠵᠠᠭᠪᠤᠷ ᠢᠶᠠᠨ ᠰᠣᠩᠭᠤᠬᠤ ᠡᠷᠬᠡ ᠲᠠᠢ᠂ ᠡᠨᠡ ᠨᠢ ᠳᠠᠷᠤᠢ ᠠᠷᠠᠳ ᠲᠦᠮᠡᠨ ᠤ ᠵᠣᠯ ᠵᠢᠷᠭᠠᠯ ᠤᠨ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠃ ᠠᠷᠠᠳᠴᠢᠯᠠᠯ ᠨᠢ ᠠᠲᠠᠯᠢᠬᠠᠠ ᠢᠶᠠᠷ ᠡᠯ᠎ᠠ ᠤᠯᠤᠰ ᠤᠨ ᠠᠷᠠᠳ ᠲᠦᠮᠠᠠ ᠤ ᠡᠷᠭᠡ ᠮᠦᠨ᠂ ᠬᠠᠷᠢᠨ ᠴᠥᠭᠡᠨ ᠲᠣᠭᠠᠨ ᠤ ᠤᠯᠤᠰ ᠤᠨ ᠲᠤᠰᠬᠠᠢ ᠠᠰᠢᠭ ᠪᠢᠰᠢ᠃ ᠠᠷᠠᠳᠴᠢᠯᠠᠯ ᠢ ᠪᠡᠶᠡᠯᠡᠭᠦᠯᠬᠦ ᠳᠤ ᠤᠯᠠᠨ ᠵᠦᠢᠯ ᠤᠨ ᠠᠷᠭ᠎ᠠ ᠬᠡᠯᠪᠡᠷᠢ ᠪᠠᠶᠢᠳᠠᠭ᠂ ᠨᠢᠭᠡ ᠯᠡ ᠠᠳᠠᠯᠢ ᠪᠠᠶᠢᠵᠤ ᠴᠢᠳᠠᠬᠤ ᠦᠭᠡᠢ ᠶᠤᠮ᠃ ᠨᠢᠭᠡ ᠤᠯᠤᠰ ᠠᠷᠠᠳᠴᠢᠯᠠᠯ ᠲᠠᠢ ᠡᠰᠡᠭᠦ ᠶᠢ ᠲᠡᠷᠡ ᠤᠯᠤᠰ ᠤᠨ ᠠᠷᠠᠳ ᠲᠦᠮᠠᠠ ᠢᠶᠠᠷ ᠦᠨᠡᠯᠡᠭᠦᠯᠬᠦ ᠴᠢᠬᠤᠯᠠᠲᠠᠢ᠂ ᠬᠠᠷᠢᠨ ᠴᠥᠭᠡᠨ ᠲᠣᠭᠠᠨ ᠤ ᠬᠥᠮᠦᠨ ᠬᠡᠯᠡᠭᠡᠳ ᠪᠣᠯᠴᠢᠬᠠᠬᠤ ᠪᠢᠰᠢ︕ ᠪᠢᠳᠡ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠪᠠᠨ ᠴᠢᠩᠭᠠᠳᠬᠠᠵᠤ᠂ ᠤᠯᠤᠯᠴᠠᠬᠤ ᠲᠣᠭᠲᠠᠴᠠ ᠪᠠᠨ ᠲᠡᠭᠦᠯᠳᠡᠷᠵᠢᠭᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢᠶᠠᠨ ᠪᠦᠷᠢᠨᠰᠢᠬᠦᠯᠦᠨ᠂ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠭᠰᠠᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡᠯ ᠵᠤᠬᠢᠨ᠎ᠠ᠃      ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕      ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠪᠠᠲᠤ ᠰᠠᠬᠢᠬᠤ ᠤᠭ ᠰᠠᠨᠠᠭ᠎ᠠ ᠪᠣᠯᠤᠨ᠎ᠠ᠃ ᠥᠨᠥᠳᠦᠷ᠂ ᠳᠤᠮᠳᠠᠳᠤ ᠤᠯᠤᠰ ᠨᠢᠭᠡᠨᠲᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠠ ᠦᠭᠡᠢ ᠳᠡᠭᠡᠭᠰᠢᠯᠡᠪᠡ᠃ ᠳᠤᠮᠳᠠᠳᠤ ᠤᠯᠤᠰ ᠤᠨ ᠶᠠᠪᠤᠲᠠᠯ ᠤᠴᠢᠷ ᠢᠶᠠᠨ ᠰᠠᠶᠢᠲᠤᠷ ᠬᠢᠵᠦ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠬᠢᠭᠡᠳ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠠᠬᠢᠭᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠠᠭᠤᠳᠠᠮ ᠴᠠᠭ ᠣᠷᠣᠨ ᠵᠠᠢ ᠶᠢᠨ ᠦᠷᠭᠡᠷᠢᠭ ᠠᠴᠠ ᠦᠨᠳᠦᠰᠦᠲᠡᠨ ᠤ ᠰᠡᠷᠭᠦᠨ ᠮᠠᠨᠳᠤᠯᠲᠠ ᠪᠣᠯᠤᠨ ᠬᠥᠮᠦᠨ ᠲᠥᠷᠥᠯᠬᠢᠲᠡᠨ ᠤ ᠲᠠᠪᠰᠢᠯᠳᠠ ᠶᠢᠨ ᠤᠳᠬ᠎ᠠ ᠬᠦᠨ ᠰᠡᠳᠦᠪ ᠢ ᠪᠣᠳᠣᠯᠬᠢᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠵᠣᠷᠢᠭᠲᠠᠢ ᠪᠠᠷ ᠤᠷᠤᠭᠰᠢᠯᠠᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃      ᠳᠡᠯᠡᠬᠡᠢ ᠳ᠋ᠠᠬᠢᠨ ᠢ ᠬᠦᠷᠢᠶᠡᠯᠡᠪᠡᠯ ᠰᠠᠶ᠋ᠢ ᠮᠠᠷᠭᠠᠰᠢ ᠶᠢ ᠤᠭᠲᠤᠵᠤ ᠴᠢᠳᠠᠨ᠎ᠠ︔ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠴᠡᠢ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ ᠴᠢᠷᠮᠠᠶᠢᠵᠤ᠂ ᠬᠦᠰᠡᠯ ᠵᠡᠭᠦᠳᠦ ᠪᠠᠨ ᠪᠣᠳᠠᠲᠤ ᠠᠬᠤᠢ ᠲᠠᠢ ᠵᠣᠯᠭᠠᠭᠤᠯᠵᠤ᠂ ᠠᠵᠢᠯᠯᠠᠭ᠎ᠠ ᠪᠠᠷ ᠢᠷᠡᠭᠡᠳᠦᠢ ᠪᠠᠨ ᠴᠣᠭᠴᠠᠯᠠᠵᠤ᠂ ᠢᠮᠠᠭᠲᠠ ᠬᠤᠪᠢᠷᠠᠰᠢ ᠦᠭᠡᠢ ᠪᠠᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃      — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ ᠬᠥᠮᠦᠨ ᠲᠥᠷᠥᠯᠬᠢᠲᠡᠨ ᠤ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠰᠦᠪᠡᠭᠴᠢᠯᠡᠨ ᠭᠠᠷᠭᠠᠪᠠ᠃ ᠡᠨᠡ ᠵᠠᠮ ᠢᠶᠠᠷ ᠶᠠᠪᠤᠭᠰᠠᠨ ᠨᠢ ᠵᠥᠪ᠂ ᠶᠠᠪᠤᠵᠤ ᠪᠤᠯᠬᠤ ᠮᠦᠷᠳᠡᠭᠡᠨ ᠯᠠᠪᠲᠠᠢ ᠯᠠᠪᠳᠠᠭᠤᠨ᠂ ᠰᠠᠶᠢᠨ ᠶᠠᠪᠤᠵᠤ ᠴᠢᠳᠠᠨ᠎ᠠ ᠭᠡᠳᠡᠭ ᠢ ᠲᠡᠦᠬᠡ ᠪᠠ ᠦᠢᠯᠡᠳᠦᠯᠭᠡ ᠨᠢᠭᠡᠨᠲᠡ ᠭᠡᠷᠡᠴᠢᠯᠡᠭᠰᠡᠨ ᠪᠥᠭᠡᠳ ᠤᠯᠠᠮ ᠴᠢᠨᠠᠭᠰᠢᠳᠠ ᠭᠡᠷᠡᠴᠢᠯᠡᠬᠦ ᠪᠣᠯᠤᠨ᠎ᠠ᠃ ᠪᠢᠳᠡ ᠡᠨᠡ ᠬᠦ ᠰᠠᠷᠠᠭᠤᠯ ᠳᠠᠷᠳᠠᠩ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠦᠨ᠎ᠡ᠃ ᠣᠳᠣᠬᠢᠴᠢᠯᠠᠯᠲᠠ ᠶᠢᠨ ᠵᠠᠮ ᠳᠤ ᠲᠣᠭᠲᠠᠮᠠᠯ ᠵᠠᠭᠪᠤᠷ ᠭᠡᠵᠦ ᠪᠠᠶᠢᠲᠠᠭ ᠦᠭᠡᠢ᠂ ᠥᠪᠡᠷ ᠤᠨ ᠪᠡᠶ᠎ᠡ ᠳᠤᠨᠢ ᠲᠤᠬᠢᠷᠠᠪᠠᠯ ᠰᠠᠶᠢ ᠬᠠᠮᠤᠭ ᠤᠨ ᠰᠠᠶᠢᠨ ᠶᠤᠮ᠂ ᠭᠤᠳᠤᠯ ᠳᠤ ᠲᠠᠭᠠᠷᠠᠭᠤᠯᠬᠤ ᠶᠢᠨ ᠲᠦᠯᠦᠭᠡ ᠬᠦᠯ ᠢᠶᠠᠨ ᠪᠤᠭᠤᠵᠦ ᠪᠣᠯᠬᠤ ᠦᠭᠡᠢ ᠃ ᠤᠯᠤᠰ ᠨᠢᠭᠡᠪᠦᠷᠢ ᠶᠢᠨ ᠲᠤᠰ ᠤᠯᠤᠰ ᠤᠨ ᠢᠶᠠᠨ ᠪᠠᠶᠢᠳᠠᠯ ᠳᠤ ᠵᠤᠬᠢᠴᠠᠭᠰᠠᠨ ᠣᠳᠣᠬᠢᠴᠢᠯᠠᠯᠲᠠ ᠶᠢᠨ ᠵᠠᠮ ᠢ ᠪᠡᠶ᠎ᠡ ᠪᠠᠨ ᠳᠠᠭᠠᠭᠠᠵᠤ ᠬᠠᠶᠢᠨ ᠰᠦᠪᠡᠭᠴᠢᠯᠡᠬᠦ ᠴᠢᠷᠮᠠᠶᠢᠯᠭ᠎ᠠ ᠶᠢ ᠴᠥᠮ ᠬᠦᠨᠳᠦᠳᠬᠡᠬᠦ ᠶᠣᠰᠣᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠥᠷᠥ ᠶᠢᠨ ᠨᠠᠮ ᠲᠠᠢ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠨ ᠰᠣᠯᠢᠯᠴᠠᠨ ᠲᠣᠯᠢᠯᠠᠵᠤ᠂ ᠣᠳᠣᠬᠢᠴᠢᠯᠠᠯᠲᠠ ᠳᠠᠶᠢᠰᠢ ᠤᠷᠤᠭᠰᠢᠯᠠᠬᠤ ᠵᠠᠮ ᠢᠶᠠᠨ ᠬᠠᠮᠲᠤ ᠪᠠᠷ ᠪᠠᠶᠠᠯᠢᠭᠵᠢᠭᠤᠯᠵᠤ᠂ ᠲᠣᠰ ᠤᠯᠤᠰ ᠤᠨ ᠢᠶᠠᠨ ᠠᠷᠠᠳ ᠲᠦᠮᠡᠨ ᠪᠣᠯᠤᠨ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠳᠤ ᠨᠠᠩ ᠰᠠᠶᠢᠨ ᠵᠣᠯ ᠵᠢᠷᠭᠠᠯ ᠢ ᠡᠳ᠋ᠯᠡᠭᠦᠯᠦᠨ᠎ᠠ᠃      — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠵᠦ᠂ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠬᠡᠳᠦ᠋ᠢᠪᠡᠷ ᠪᠠᠭ᠎ᠠ ᠪᠤᠰᠤ ᠬᠠᠷᠰᠢ ᠰᠠᠭᠠᠳ ᠲᠤ ᠲᠤᠯᠭᠠᠷᠠᠵᠤ ᠪᠠᠶᠢᠭ᠎ᠠ ᠪᠣᠯᠪᠠᠴᠤ ᠨᠡᠩ ᠤᠯᠠᠨ ᠬᠥᠳᠡᠯᠭᠡᠬᠦ ᠬᠦᠴᠦᠨ ᠣᠷᠣᠰᠢᠵᠤ ᠪᠠᠶᠢᠨ᠎ᠠ᠂ ᠶᠡᠷᠦᠩᠬᠡᠢ ᠳᠤᠨᠢ ᠦᠵᠡᠪᠡᠯ᠂ ᠬᠥᠳᠡᠯᠭᠡᠬᠦ ᠬᠦᠴᠦᠨ ᠨᠢ ᠬᠠᠷᠰᠢ ᠰᠠᠭᠠᠳ ᠠᠴᠠ ᠳᠠᠪᠠᠭᠤᠯᠢᠭ ᠪᠤᠢ᠂ ᠡᠯ᠎ᠡ ᠤᠯᠤᠰ ᠤᠨ ᠨᠡᠭᠡᠭᠡᠯᠳᠠ ᠬᠢᠬᠦ᠂ ᠬᠠᠮᠲᠤᠷᠠᠯᠴᠠᠭ᠎ᠠ ᠬᠢᠬᠦ ᠲᠡᠶᠢᠰᠢ ᠤᠷᠤᠭᠰᠢᠯᠠᠬᠤ ᠶᠡᠭᠡ ᠬᠠᠨᠳᠤᠰᠢ ᠬᠤᠪᠢᠷᠠᠭ᠎ᠠ ᠦᠭᠡᠢ᠂ ᠬᠤᠪᠢᠷᠠᠬᠤ ᠴᠤ ᠦᠭᠡᠢ ᠶᠤᠮ ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠯᠤᠭ᠎ᠠ ᠤᠯᠤᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠬᠦᠲᠦᠯᠦᠨ ᠵᠢᠯᠣᠭᠤᠳᠤᠨ᠎ᠠ᠃ ᠪᠢᠳᠠ ᠳᠤᠷᠠᠲᠠᠶ᠎ᠠ ᠳᠡᠯᠡᠬᠡᠢ ᠨᠡᠶᠢᠭᠡᠮ ᠯᠦᠭᠡ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠳᠤ ᠬᠠᠮᠲᠤ ᠪᠠᠷ ᠬᠦᠴᠦ ᠨᠡᠮᠡᠷᠢᠯᠡᠵᠦ᠂ ᠨᠡᠩ ᠤᠯᠠᠨ ᠤᠯᠤᠰ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃      — ᠳᠤᠮᠳᠠᠳᠤ ᠤᠯᠤᠰ ᠤᠨ ᠡᠪ ᠬᠠᠮᠲᠤ ᠨᠠᠮ ᠲᠣᠮᠣ ᠤᠯᠤᠰ ᠲᠣᠮᠣ ᠨᠠᠮ ᠤᠨ ᠬᠠᠷᠢᠭᠤᠴᠠᠯᠭ᠎ᠠ ᠶᠢ ᠭᠦᠢᠴᠡᠳᠭᠡᠵᠦ᠂ ᠬᠥᠮᠦᠨ ᠲᠥᠷᠥᠯᠬᠢᠲᠡᠨ ᠤ ᠪᠤᠶᠠᠨ ᠬᠡᠰᠢᠭ ᠢ ᠨᠡᠮᠡᠭᠳᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠶᠠᠳᠠᠭᠤ ᠬᠦᠴᠢᠷᠳᠡᠯ ᠢ ᠠᠷᠢᠯᠭᠠᠬᠤ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠡᠯ᠎ᠡ ᠤᠯᠤᠰ ᠤᠨ ᠲᠦᠷᠦ ᠶᠢᠨ ᠨᠠᠮ ᠤᠨ ᠴᠢᠷᠮᠠᠶᠢᠨ ᠪᠡᠶᠡᠯᠡᠭᠦᠯᠬᠦ ᠴᠢᠬᠤᠯᠠ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ 9899 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ︾ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠠᠬᠢᠴᠠ ᠳᠤ ᠨᠡᠩ ᠤᠯᠠᠨ ᠳᠤᠮᠳᠠᠳᠤ ᠤᠯᠤᠰ ᠤᠨ ᠲᠥᠰᠦᠯ ᠪᠣᠯᠤᠨ ᠳᠤᠮᠳᠠᠳᠤ ᠤᠯᠤᠰ ᠤᠨ ᠬᠦᠴᠦᠨ ᠢ ᠳᠤᠷᠠᠲᠠᠶ᠎ᠠ ᠡᠷᠭᠦᠨ᠎ᠡ᠃ ᠳᠤᠮᠳᠠᠳᠤ ᠤᠯᠤᠰ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠪᠦᠬᠦ ᠬᠦᠴᠦ ᠪᠠᠷ ᠢᠶᠠᠨ ᠳᠡᠮᠵᠢᠵᠦ᠂ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠣᠯᠵᠤ ᠪᠣᠯᠬᠤ ᠴᠢᠨᠠᠷ ᠪᠠ ᠡᠭᠦᠷᠭᠡᠯᠡᠵᠦ ᠪᠣᠯᠬᠤ ᠴᠢᠨᠠᠷ ᠢ ᠴᠢᠩᠭᠠᠳᠬᠠᠨ᠎ᠠ᠃ ᠳᠤᠮᠳᠠᠳᠤ ᠤᠯᠤᠰ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠬᠠᠷᠠᠯᠲᠠ ᠶᠢ ᠭᠦᠢᠴᠡᠳᠬᠡᠬᠦ ᠪᠠᠷ ᠲᠦᠢᠯ ᠤᠨ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠠ ᠤᠯᠤᠰ ᠲᠠᠢ ᠬᠠᠮᠲᠤ ᠪᠠᠷ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ ᠪᠠᠶᠢᠯᠳᠤᠬᠤ ᠪᠤᠳᠤᠯᠭ᠎ᠠ ᠶᠢ ᠵᠥᠪᠳᠡᠯᠴᠡᠵᠦ᠂ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ ᠠᠶᠠᠨ ᠢ ᠬᠠᠮᠲᠤ ᠪᠠᠷ ᠡᠬᠢᠯᠡᠭᠦᠯᠦᠨ᠎ᠡ᠃      — ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠶᠢ ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠭᠠᠷ ᠬᠤᠯᠪᠣᠯᠴᠠᠠ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠤᠳᠤ ᠶᠢᠨ ᠬᠡᠷᠡᠭᠵᠢᠭᠦᠯᠵᠦ ᠪᠠᠶᠢᠭ᠎ᠠ ᠤᠯᠠᠨ ᠤᠯᠤᠰ ᠤᠨ ᠰᠢᠰᠲ᠋ᠧᠮ ᠪᠠ ᠤᠯᠠᠨ ᠤᠯᠤᠰ ᠤᠨ ᠡᠮᠬᠢ ᠵᠢᠷᠤᠮ ᠤᠨ ᠭᠤᠣᠯᠯᠠᠬᠤ ᠣᠶᠢᠯᠠᠭᠠᠭᠳᠠᠬᠤᠨ ᠪᠣᠯ ᠤᠯᠠᠨ ᠲᠠᠯᠠᠲᠤ ᠦᠵᠡᠯ ᠮᠥᠨ᠃ ᠤᠯᠠᠨ ᠲᠠᠯᠠᠲᠤ ᠦᠵᠡᠯ ᠢ ᠰᠠᠶᠢᠲᠤᠷ ᠦᠢᠯᠡᠳᠦᠯᠭᠡᠵᠢᠭᠦᠯᠪᠡᠯ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠴᠢᠳᠠᠨ᠎ᠠ᠃ ᠤᠯᠠᠨ ᠤᠯᠤᠰ ᠤᠨ ᠲᠦᠷᠢᠮ ᠪᠣᠯ ᠳᠡᠯᠡᠬᠡᠢ ᠶᠢᠨ ᠡᠯ᠎ᠡ ᠤᠯᠤᠰ ᠤᠨ ᠬᠠᠮᠲᠤ ᠪᠠᠷ ᠮᠡᠳᠡᠷᠡᠬᠦ ᠲᠦᠷᠢᠮ ᠪᠠᠶᠢᠬᠤ ᠶᠣᠰᠣᠲᠠᠢ᠂ ᠬᠠᠷᠢᠨ ᠴᠥᠭᠡᠨ ᠲᠣᠭᠠᠨ ᠤ ᠬᠥᠮᠦᠰ ᠲᠣᠭᠲᠠᠭᠠᠬᠤ ᠪᠢᠰᠢ᠃ ᠤᠯᠤᠰ ᠤᠨ ᠬᠤᠭᠤᠷᠣᠨᠳᠣᠬᠢ ᠬᠠᠮᠲᠤᠷᠠᠯᠴᠠᠭ᠎ᠠ ᠨᠢ ᠪᠦᠬᠦ ᠬᠥᠮᠦᠨ ᠲᠥᠷᠥᠯᠬᠢᠲᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠪᠠᠯ ᠵᠤᠬᠢᠨ᠎ᠠ᠂ ᠬᠠᠷᠢᠨ ᠵᠢᠵᠢᠭ ᠪᠦᠯᠦᠭᠯᠡᠯ ᠤᠨ ᠤᠯᠤᠰ ᠲᠦᠷᠦ ᠪᠠᠷ ᠳᠡᠯᠡᠬᠡᠢ ᠶᠢ ᠡᠵᠡᠷᠬᠡᠬᠦ ᠡᠷᠬᠡ ᠶᠢ ᠬᠥᠭᠡᠭᠡᠴᠡᠯᠳᠦᠬᠦ ᠪᠢᠰᠢ᠃ ᠪᠢᠳᠡ ᠤᠯᠠᠨ ᠲᠠᠯᠠᠲᠤ ᠦᠵᠡᠯ ᠤᠨ ᠨᠡᠷ᠎ᠡ ᠪᠠᠷ ᠭᠠᠭᠴᠠ ᠲᠠᠯᠠᠲᠤ ᠦᠵᠡᠯ ᠤᠨ ᠪᠣᠳᠠᠲᠤ ᠠᠵᠢᠯᠯᠠᠭ᠎ᠠ ᠬᠢᠬᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠬᠠᠮᠲᠤ ᠪᠠᠷ ᠡᠰᠡᠷᠭᠦᠴᠡᠬᠦ ᠬᠡᠷᠡᠭᠲᠡᠢ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠡᠷᠡᠭ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠬᠦ ᠶᠢ ᠰᠠᠨᠠᠭᠠᠴᠢᠯᠠᠵᠤ᠂ ᠤᠯᠠᠨ ᠤᠯᠤᠰ ᠤᠨ ᠡᠮᠬᠢ ᠵᠢᠷᠤᠮ ᠪᠠ ᠤᠯᠠᠨ ᠤᠯᠤᠰ ᠤᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠡᠭᠦᠷᠢᠳᠡ ᠬᠥᠭᠵᠢᠵᠦ ᠪᠠᠶᠢᠭ᠎ᠠ ᠤᠯᠤᠰ ᠤᠳ ᠤᠨ ᠶᠡᠭᠡ ᠭᠡᠷ ᠪᠦᠯᠢ ᠶᠢᠨ ᠨᠢᠭᠡ ᠭᠡᠰᠢᠭᠦᠨ ᠮᠥᠨ᠂ ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠵᠠᠰᠠᠯᠲᠠ ᠶᠢᠨ ᠰᠢᠰᠲ᠋ᠧᠮ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠪᠠᠷ ᠡᠷᠡᠰ ᠭᠤᠶᠢᠪᠢᠰᠢ ᠦᠭᠡᠢ ᠴᠢᠷᠮᠠᠶᠢᠨ᠎ᠠ ᠭᠡᠵᠦ ᠪᠢ ᠳᠠᠬᠢᠨᠲᠠ ᠢᠯᠡᠷᠬᠡᠶᠢᠯᠡᠶ᠎ᠡ᠃ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠣᠯᠬᠤ ᠦᠭᠡᠢ᠂ ᠭᠠᠳᠠᠭᠰᠢ ᠥᠷᠭᠡᠳᠬᠡᠬᠦ ᠦᠭᠡᠢ᠂ ᠬᠦᠴᠦᠨ ᠤ ᠬᠦᠷᠢᠶ᠎ᠡ ᠬᠡᠪᠴᠢᠶ᠎ᠡ ᠶᠢ ᠬᠥᠭᠡᠭᠡᠴᠡᠯᠳᠦᠬᠦ ᠦᠭᠡᠢ᠃ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ᠂ ᠲᠦᠷᠦ ᠶᠢᠨ ᠨᠠᠮ ᠤᠨ ᠬᠤᠭᠤᠷᠣᠨᠳᠣᠬᠢ ᠵᠥᠪᠳᠡᠯᠴᠡᠭᠡ ᠬᠠᠮᠲᠤᠷᠠᠯᠴᠠᠭ᠎ᠠ ᠪᠠᠷ ᠳᠠᠮᠵᠢᠭᠤᠯᠤᠨ ᠤᠯᠤᠰ ᠤᠨ ᠬᠤᠭᠤᠷᠣᠨᠳᠣᠬᠢ ᠵᠤᠬᠢᠴᠠᠩᠭᠤᠢ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠪᠥᠮᠪᠥᠷᠴᠡᠭ ᠤᠨ ᠵᠠᠰᠠᠯᠲᠠ ᠳᠤᠮᠳᠠ ᠲᠦᠷᠦ ᠶᠢᠨ ᠨᠠᠮ ᠤᠨ ᠪᠠᠶᠢᠪᠠᠰᠤ ᠵᠣᠬᠢᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃      ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ︕      ᠬᠤᠯᠠ ᠬᠡᠮᠡᠨ ᠪᠢᠲᠡᠬᠡᠢ ᠴᠦᠬᠦ ᠶᠠᠪᠤᠪᠠᠰᠤ ᠬᠦᠷᠦᠮᠤᠢ︕ ᠤᠷᠤᠭᠰᠢᠯᠠᠬᠤ ᠵᠠᠮ ᠳᠠᠭᠠᠨ ᠳᠤᠲᠠᠭᠤ ᠳᠣᠷᠭᠤᠨ ᠵᠣᠭᠰᠣᠬᠤ ᠦᠭᠡᠢ ᠪᠣᠯ ᠢᠷᠡᠭᠡᠳᠦᠶ ᠭᠡᠭᠡᠨ ᠰᠠᠷᠠᠭᠤᠯ ᠶᠤᠮ᠃ ᠡᠮᠦᠨᠡᠬᠢ ᠵᠠᠮ ᠮᠤᠷᠤᠶ ᠰᠠᠷᠤᠶ ᠪᠤᠯᠪᠠᠴᠤ ᠬᠦᠰᠡᠯ ᠡᠷᠡᠮᠡᠯᠵᠡᠯ ᠢᠶᠠᠷ ᠪᠢᠯᠬᠠᠮ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠦᠷᠭᠦᠯᠵᠢᠯᠡᠨ ᠡᠯ᠎ᠡ ᠤᠯᠤᠰ ᠤᠨ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠨᠡᠩ ᠦᠵᠡᠰᠭᠦᠯᠡᠩᠲᠤ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕      ᠣᠯᠠᠨ ᠳᠤ ᠪᠠᠶᠠᠷᠯᠠᠯ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号