| ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ | ᠮᠥᠨ᠃ ᠶᠡᠷᠦᠩᠬᠡᠶ ᠱᠦᠵᠢ ᠰᠢ ᠶᠢᠨ ᠫᠢᠩ ᠵᠢᠭᠠᠬᠤ ᠳᠤ ᠪᠠᠨ᠄ ︽ᠡᠨᠡ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠠᠵᠢᠯ ᠢ ᠰᠠᠶᠢᠲᠤᠷ ᠬᠢᠵᠦ᠂ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠠᠩᠬᠠᠨ ᠤ ᠠᠯᠬᠤᠮ ᠢ ᠰᠠᠶᠢᠲᠤᠷ ᠠᠯᠬᠤᠬᠤ ᠪᠣᠯ | ᠲᠦᠢᠯ ᠤᠨ ᠴᠢᠬᠤᠯᠠ ᠶᠤᠮ᠃ ᠨᠢᠭᠡᠳᠦᠭᠡᠷ ᠠᠯᠬᠤᠮ ᠳᠤ ᠣᠨᠣᠴᠠᠲᠠᠢ ᠯᠠᠪᠳᠠᠭᠤᠨ ᠠᠯᠬᠤᠵᠤ᠂ ᠰᠢᠨ᠎ᠡ ᠳᠦᠷᠰᠦ | ᠪᠠᠶᠢᠳᠠᠯ ᠢ ᠪᠤᠶ ᠪᠣᠯᠭᠠᠵᠤ᠂ ᠰᠢᠨ᠎ᠡ ᠦᠷ᠎ᠡ ᠪᠦᠲᠦᠮᠵᠢ ᠶᠢ ᠣᠯᠬᠤ ᠬᠡᠷᠡᠭᠲᠡᠶ︾ ᠭᠡᠵᠡᠶ᠃ ᠡᠨᠡ ᠵᠢᠯ ᠠᠴᠠ ᠨᠠᠭᠠᠰᠢ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷᠯᠢᠭ | ᠬᠥᠭᠵᠢᠯᠲᠡ ᠶᠢ ᠠᠬᠢᠭᠤᠯᠵᠤ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠡᠷᠭᠦᠨ ᠰᠠᠶᠢᠵᠢᠷᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠯᠠᠪᠳᠠᠭᠤᠨ ᠪᠠᠲᠤᠲᠠᠢ ᠪᠠᠷ ᠡᠬᠢᠯᠡᠵᠡᠢ᠃ ︽ᠰᠣᠨᠢᠨ | ᠮᠡᠳᠡᠭᠡᠨ ᠤ ᠨᠡᠪᠲᠡᠷᠡᠭᠦᠯᠭᠡ︾ ᠶᠢᠨ ᠰᠢᠷᠢᠰ ᠮᠡᠳᠡᠭᠡᠯᠡᠯ ︽ᠰᠢᠨ᠎ᠡ ᠴᠠᠭ ᠦᠶ᠎ᠡ ᠶᠢ ᠤᠳᠤᠷᠢᠳᠤᠨ ᠰᠢᠨ᠎ᠡ ᠠᠶᠠᠨ | ᠵᠠᠮ ᠢᠶᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠠᠴᠠ ᠨᠠᠭᠠᠰᠢᠬᠢ ᠲᠦᠷᠦ | ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ︾ ᠤᠨ ᠭᠤᠷᠪᠠᠳᠤᠭᠠᠷ ᠪᠦᠯᠦᠭ ︽ᠪᠠᠶᠢᠯᠳᠤᠬᠤ ᠪᠤᠳᠤᠯᠭ᠎ᠠ ᠶᠢᠨ | ᠰᠣᠩᠭᠤᠯᠲᠠ ᠠᠴᠠ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ | ᠴᠣᠭᠴᠠᠯᠠᠶ᠎ᠠ︾ ᠶᠢ ᠥᠨᠥᠳᠦᠷ ︵8 ᠳ᠋ᠤᠭᠠᠷ ᠰᠠᠷ᠎ᠠ ᠶᠢᠨ 11 ᠤ ᠡᠳᠦᠷ︶ ᠨᠡᠪᠲᠡᠷᠡᠭᠦᠯᠪᠡ᠃ | | ᠶᠡᠷᠦᠩᠬᠡᠶ ᠱᠦᠵᠢ ᠰᠢ ᠶᠢᠨ ᠫᠢᠩ ᠵᠢᠭᠠᠬᠤ ᠳᠤ ᠪᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ | ᠂ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠥᠬᠦ | ᠨᠠᠮ ᠪᠥᠬᠦ ᠤᠯᠤᠰ ᠤᠨ ᠡᠷᠬᠡᠪᠰᠢ ᠴᠢᠩᠭ᠎ᠠ ᠪᠥᠭᠡᠳ ᠰᠠᠶᠢᠲᠤᠷ ᠠᠳᠬᠤᠬᠤ ᠴᠢᠬᠤᠯᠠᠲᠠᠢ ᠠᠵᠢᠯ ᠮᠥᠨ ᠭᠡᠵᠡᠢ᠃ | | ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠡᠨᠡ | ᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ | ᠬᠥᠭᠵᠢᠯᠲᠡ ᠶᠢᠨ ᠣᠨᠣᠯᠵᠢᠬᠤᠨ ᠭᠡᠬᠦ ᠡᠨᠡ ᠬᠦ ᠰᠢᠰᠲ᠋ᠧᠮᠲᠦ ᠤᠨᠤᠯ ᠤᠨ ᠲᠣᠭᠲᠠᠯᠴᠠᠭ᠎ᠠ ᠶᠢ ᠪᠦᠷᠢᠨ ᠲᠡᠭᠦᠯᠳᠡᠷ᠂ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠭᠤᠣᠯᠳᠠᠯᠭ᠎ᠠ ᠲᠠᠢ ᠴᠢᠬᠤᠯᠠᠴᠢᠯᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠮᠠᠨ ᠤ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ | ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠢᠮᠠᠭᠲᠠ ᠠᠳᠬᠤᠵᠤ᠂ ᠳᠤᠮᠳᠠᠳᠤ | ᠤᠯᠤᠰ ᠤᠨ ᠠᠵᠤ ᠠᠬᠤᠢ ᠶᠢᠨ ᠠᠶᠠᠯᠠᠯ ᠤᠨ ᠣᠩᠭᠤᠴᠠ ᠶᠢ ᠵᠢᠯᠣᠭᠤᠳᠤᠨ ᠰᠠᠯᠬᠢ ᠳᠠᠪᠠᠯᠭᠠᠨ ᠢ ᠰᠥᠷᠥᠨ | ᠯᠠᠪᠳᠠᠭᠤᠨ ᠲᠣᠭᠲᠠᠭᠤᠨ ᠢᠶᠠᠷ ᠤᠷᠤᠭᠰᠢᠯᠠᠭᠤᠯᠪᠠ᠃ | | 7 ᠳ᠋ᠤᠭᠠᠷ ᠰᠠᠷ᠎ᠠ ᠶᠢᠨ 15 ᠤ ᠡᠳᠦᠷ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠳᠤᠮᠳᠠᠳᠤ ᠤᠯᠤᠰ ᠤᠨ | ᠠᠵᠤ ᠠᠬᠤᠶ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠲᠡᠯᠡᠵᠦ᠂ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠵᠦ᠂ | ᠳᠡᠯᠡᠬᠡᠢ ᠶᠢᠨ ᠠᠵᠤ ᠠᠬᠤᠢ ᠶᠢᠨ ᠪᠠᠭᠤᠷᠠᠢ ᠰᠡᠷᠭᠦᠯᠲᠡ ᠶᠢᠨ ᠠᠬᠤᠢ ᠪᠠᠶᠢᠳᠠᠯ ᠳᠣᠣᠷ᠎ᠠ᠂ ᠡᠨᠡ ᠪᠣᠯ ᠬᠢᠯᠪᠡᠷ | ᠪᠤᠰᠤ ᠪᠠᠷ ᠣᠯᠤᠭᠰᠠᠨ ᠠᠮᠵᠢᠯᠲᠠ ᠶᠢᠨ ᠬᠠᠭᠤᠳᠠᠰᠤ ᠪᠣᠯᠤᠨ᠎ᠠ᠃ | | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ | ᠳᠣᠲᠣᠭᠠᠳᠤ ᠪᠠ ᠤᠯᠠᠨ ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠪᠣᠯ ᠨᠠᠮ ᠤᠨ ᠲᠥᠪ ᠬᠤᠷᠢᠶᠠᠨ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ | ᠰᠣᠩᠭᠤᠯᠲᠠ ᠮᠥᠨ᠃ | | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ | ᠥᠨᠳᠥᠷ ᠲᠦᠪᠰᠢᠨ ᠠᠴᠠ ᠪᠡᠶ᠎ᠡ ᠪᠠᠨ ᠳᠠᠭᠠᠭᠠᠵᠤ ᠬᠦᠴᠦᠷᠬᠡᠭᠵᠢᠯ ᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ | ᠵᠢᠯ ᠤᠨ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠭᠤᠸᠠᠩᠰᠢ ᠶᠢᠨ ᠯᠢᠦ ᠬᠦᠩ ᠪᠦᠯᠦᠭᠯᠡᠯ ᠳᠤ ᠰᠢᠨᠵᠢᠯᠡᠨ | ᠪᠠᠶᠢᠴᠠᠭᠠᠬᠤ ᠳᠤ ᠪᠠᠨ᠂ ᠰᠢᠨ᠎ᠡ ᠶᠢ ᠡᠭᠦᠳᠬᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ | ᠬᠡᠷᠡᠭᠲᠡᠢ ᠭᠡᠵᠦ ᠴᠢᠬᠤᠯᠠᠴᠢᠯᠠᠪᠠ᠃ | | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ | ᠦᠷᠭᠦᠯᠵᠢᠯᠡᠨ ᠴᠢᠩᠭᠠᠷᠠᠪᠠ᠃ ᠳᠡᠭᠡᠳᠦ ᠮᠡᠷᠭᠡᠵᠢᠯ ᠤᠨ ᠦᠢᠯᠡᠳᠬᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 22.6% ᠪᠠᠷ ᠨᠡᠮᠡᠭᠳᠡᠵᠦ᠂ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠠᠴᠠ 6.7 ᠵᠠᠭᠤᠨ ᠤ ᠴᠡᠭ ᠲᠦᠷᠭᠡᠨ ᠪᠣᠯᠪᠠ᠃ | | ᠡᠨᠡ ᠵᠢᠯ ᠠᠴᠠ ᠨᠠᠭᠠᠰᠢ᠂ ︽ᠲᠢᠶᠠᠨ ᠸᠧᠨ ᠨᠢᠭᠡᠳᠦᠭᠡᠷ︾ ᠭᠠᠯ ᠭᠠᠷᠠᠭ ᠲᠤ ᠠᠮᠵᠢᠯᠲᠠ ᠲᠠᠢ ᠪᠠᠷ | ᠪᠠᠭᠤᠭᠰᠠᠨ ᠠᠴᠠ ᠳᠤᠮᠳᠠᠳᠤ ᠤᠯᠤᠰ ᠤᠨ ᠬᠥᠮᠦᠨ ᠠᠩᠬ᠎ᠠ ᠤᠳᠠᠭ᠎ᠠ ᠥᠪᠡᠷ ᠤᠨ ᠰᠠᠨᠰᠠᠷ ᠤᠨ ᠦᠷᠳᠡᠭᠡ ᠳᠤ ᠪᠠᠨ | ᠣᠷᠣᠬᠤ ᠬᠦᠷᠲᠡᠯ᠎ᠡ᠂ ᡀᠠᠰᠠ— ᠯᠢᠨ ᡁᠢ ᠲᠡᠮᠦᠷ ᠵᠠᠮ ᠨᠡᠪᠲᠡᠷᠡᠵᠦ ᠠᠰᠢᠭᠯᠠᠯᠲᠠ ᠳᠤ ᠣᠷᠣᠭᠰᠠᠨ ᠠᠴᠠ ᠶᠢᠨ ᠱᠠ | ᠵᠢᠶᠠᠩ ᠮᠥᠷᠡᠨ ᠤ ᠪᠠᠢ ᠡᡁᠧ ᠲᠠᠨ ᠤᠰᠤᠨ ᠴᠠᠬᠢᠯᠭᠠᠨ ᠦᠷᠳᠡᠭᠡ ᠶᠢᠨ ᠲᠦᠷᠦᠭᠦᠦ ᠪᠦᠯᠦᠭ ᠮᠠᠰᠢᠨ ᠴᠣᠭᠴᠠᠯᠠᠪᠤᠷᠢ | ᠠᠰᠢᠭᠯᠠᠯᠲᠠ ᠳᠤ ᠣᠷᠣᠵᠤ ᠴᠠᠬᠢᠯᠭᠠᠨ ᠭᠠᠷᠭᠠᠬᠤ ᠬᠦᠷᠲᠡᠯ᠎ᠡ᠂ ᠶᠡᠷᠦᠩᠬᠡᠢ ᠱᠦᠵᠢ ᠢᠮᠠᠭᠲᠠ ᠥᠨᠳᠥᠷ | ᠲᠦᠪᠰᠢᠨ ᠠᠴᠠ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠴᠢᠭᠯᠡᠯ ᠢ ᠲᠣᠳᠣᠷᠬᠠᠢ ᠵᠢᠭᠠᠨ ᠥᠭᠴᠡᠢ᠃ | | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠶᠢᠨ ᠵᠠᠩᠭᠢᠯᠠᠭ᠎ᠠ ᠨᠢ ᠠᠵᠤ ᠠᠬᠤᠶ ᠶᠢᠨ ᠣᠷᠴᠢᠯ ᠤᠨ | ᠰᠠᠭᠠᠳ ᠦᠭᠡᠶ ᠨᠡᠪᠲᠡᠷᠡᠬᠦ ᠳᠤ ᠪᠠᠶᠢᠳᠠᠭ᠂ ᠡᠭᠦᠨ ᠳᠤ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠣᠯ | ᠭᠤᠣᠯᠯᠠᠬᠤ ᠦᠢᠯᠡᠳᠦᠯ ᠦᠵᠡᠭᠦᠯᠵᠦ ᠪᠠᠶᠢᠭ᠎ᠠ ᠶᠤᠮ᠃ | | ᠡᠨᠡ ᠵᠢᠯ ᠠᠴᠠ ᠨᠠᠭᠠᠰᠢ᠂ ᠶᠡᠷᠦᠩᠬᠡᠢ ᠱᠦᠵᠢ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠦᠲᠦᠮᠵᠢᠲᠡᠢ | ᠪᠠᠶᠢᠭᠤᠯᠤᠯ ᠢ ᠪᠠᠶᠢᠭᠤᠯᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠬᠠᠩᠭᠠᠬᠤ ᠪᠠ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠰᠠᠶᠢᠵᠢᠷᠠᠭᠤᠯᠬᠤ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠡᠨᠡ | ᠵᠢᠯ ᠤᠨ ᠳᠡᠭᠡᠷ᠎ᠡ ᠬᠠᠭᠠᠰ ᠵᠢᠯ ᠳᠤ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠳᠠᠬᠢ ᠳᠣᠲᠣᠭᠠᠳᠤ | ᠬᠡᠷᠡᠭᠴᠡᠭᠡ ᠶᠢᠨ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 80.9% ᠳᠤ ᠬᠦᠷᠴᠡᠢ᠃ | | ᠡᠨᠡ ᠵᠢᠯ ᠠᠴᠠ ᠨᠠᠭᠠᠰᠢ ᠶᠡᠷᠦᠩᠬᠡᠢ ᠱᠦᠵᠢ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ | ᠨᠡᠬᠡᠬᠡᠯᠳᠡ ᠪᠠᠨ ᠥᠷᠭᠡᠳᠬᠡᠵᠦ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ | ᠠᠵᠠ ᠲᠣᠬᠢᠶᠠᠯ ᠬᠠᠩᠭᠠᠬᠤ ᠪᠣᠯᠣᠨ᠎ᠠ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ ᠤᠨ 5 ᠳ᠋ᠤᠭᠠᠷ ᠰᠠᠷ᠎ᠠ ᠳᠤ᠂ | ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠭᠡᠨ ᠤ ᠵᠦᠢᠯ ᠤᠨ ᠦᠵᠡᠰᠬᠦᠯᠡᠩ | ᠬᠠᠶᠢᠨᠠᠨ ᠳᠤ ᠶᠠᠪᠤᠭᠳᠠᠪᠠ᠂ ᠡᠨᠡ ᠪᠣᠯ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠳᠠᠷᠠᠭᠠᠬᠢ ᠳᠤᠮᠳᠠᠳᠤ | ᠤᠯᠤᠰ ᠤᠨ ᠵᠣᠬᠢᠶᠠᠨ ᠪᠠᠶᠢᠭᠤᠯᠤᠭᠰᠠᠨ ᠪᠠᠰᠠ ᠨᠢᠭᠡᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠲᠠᠪᠴᠠᠩ | ᠪᠣᠯᠤᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠭᠠᠳᠠᠭᠠᠳᠤ | ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 27. | 1% ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠬᠡᠪᠴᠢᠶ᠎ᠡ ᠲᠡᠦᠬᠡ ᠶᠢᠨ | ᠠᠳᠠᠯᠢ ᠬᠤᠭᠤᠴᠠᠭᠠᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ | | ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠠᠨᠠᠯ | ᠨᠡᠶᠢᠲᠡᠯᠡᠵᠦ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠴᠢᠨᠠᠷᠯᠢᠭ ᠬᠥᠭᠵᠢᠯᠲᠡ ᠶᠢ | ᠠᠬᠢᠭᠤᠯᠬᠤ᠂ ᠫᠦᠳᠦ᠋ᠩ ᠰᠢᠨ᠎ᠡ ᠲᠣᠭᠤᠷᠢᠭ ᠤᠨ ᠥᠨᠳᠥᠷ ᠬᠢᠷᠢ ᠲᠦᠪᠰᠢᠨ ᠪᠥᠬᠦᠶ ᠥᠭᠡᠷᠡᠴᠢᠯᠡᠯᠲᠡ ᠨᠡᠭᠡᠭᠡᠯᠲᠡ ᠶᠢ | ᠳᠡᠮᠵᠢᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ | ᠣᠷᠣᠨ ᠢ ᠴᠣᠭᠴᠠᠯᠠᠨ ᠪᠠᠶᠢᠭᠤᠯᠬᠤ᠂ ᠵᠧᠵᠢᠶᠠᠩ ᠤᠨ ᠴᠢᠨᠠᠷᠯᠢᠭ ᠢᠶᠠᠷ ᠬᠥᠭᠵᠢᠭᠦᠯᠦᠨ ᠬᠠᠮᠲᠤ ᠪᠠᠷ ᠴᠢᠨᠡᠭᠡᠯᠢᠭᠵᠢᠬᠦ | ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢ ᠳᠡᠮᠵᠢᠬᠦ ᠪᠠᠷ ᠲᠣᠭᠲᠠᠪᠠ᠃ ᠶᠡᠷᠦᠩᠬᠡᠢ ᠱᠦᠵᠢ | ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ | ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ | ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠳᠡᠭᠡᠷ ᠪᠣᠯ ᠴᠥᠮ | ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠬᠥᠭᠵᠢᠯᠲᠡ ᠶᠢ ᠬᠠᠮᠲᠤ ᠪᠠᠷ ᠡᠳ᠋ᠯᠡᠬᠦ ᠴᠢᠬᠤᠯᠠ ᠪᠠᠶᠢᠷᠢᠯᠠᠭᠤᠯᠤᠯᠲᠠ | ᠮᠥᠨ᠃ | | ᠡᠨᠡ ᠵᠢᠯ ᠤᠨ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠨᠡᠶᠢᠰᠯᠡᠯ ᠤᠨ ᠠᠯᠪᠠᠨ ᠵᠢᠷᠤᠮ ᠤᠨ ᠮᠣᠳᠣ | ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠠᠨ᠂ ᠡᠷᠬᠡᠪᠰᠢ ᠶᠡᠭᠡ ᠬᠦᠴᠦ ᠵᠠᠷᠤᠴᠠᠭᠤᠯᠵᠤ ᠪᠠᠶᠢᠭᠠᠳ ᠪᠣᠬᠢᠷᠲᠤᠯ | ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠶᠡᠷᠦᠩᠬᠡᠶ ᠱᠦᠵᠢ ᠴᠢᠬᠤᠯᠠᠴᠢᠯᠠᠬᠤ ᠳᠤ ᠪᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠨᠠᠮ ᠤᠨ ᠲᠥᠪ ᠬᠤᠷᠢᠶ᠎ᠠ ᠠᠴᠠ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠳᠤ ᠬᠦᠷᠭᠡᠬᠦ᠂ | ᠨᠡᠭᠦᠷᠡᠰᠦᠲᠥ᠋ᠷᠥᠭᠴᠢ ᠤᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ | ᠭᠡᠵᠡᠢ᠃ ᠡᠨᠡ ᠵᠢᠯ ᠤᠨ 7 ᠳ᠋ᠤᠭᠠᠷ ᠰᠠᠷ᠎ᠠ ᠳᠤ᠂ ᠪᠥᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ | ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠪᠣᠯᠤᠭᠰᠠᠨ ᠤ ᠬᠤᠪᠢ ᠳᠤ᠂ ᠪᠥᠬᠦ ᠤᠯᠤᠰ ᠤᠨ | ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷᠡᠬᠢ ᠠᠷᠠᠯᠵᠢᠶ᠎ᠠ ᠶᠢ ᠵᠢᠩᠬᠢᠨᠢ ᠪᠠᠷ ᠡᠬᠢᠯᠡᠭᠦᠯᠪᠡ᠃ | | ᠡᠨᠡ ᠵᠢᠯ ᠤᠨ 7 ᠳ᠋ᠤᠭᠠᠷ ᠰᠠᠷ᠎ᠠ ᠶᠢᠨ 9 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠳᠤᠭᠠᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠬᠤ ᠳᠤ ᠪᠠᠨ᠂ ᠨᠠᠮ ᠤᠨ ᠲᠥᠪ ᠬᠤᠷᠢᠶ᠎ᠠ ᠠᠴᠠ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠥᠷᠭᠡᠳᠬᠡᠨ ᠪᠠᠶᠢᠭᠤᠯᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠠᠴᠠ ᠨᠠᠭᠠᠰᠢ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠬᠡᠬᠦ᠂ ᠠᠵᠤ ᠠᠬᠤᠢ ᠶᠢᠨ ᠣᠷᠴᠢᠯ ᠰᠠᠭᠠᠳ ᠦᠭᠡᠢ ᠨᠡᠪᠲᠡᠷᠡᠬᠦ ᠶᠢ ᠠᠬᠢᠭᠤᠯᠬᠤ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠥᠨᠳᠥᠷ | ᠲᠦᠪᠰᠢᠨ ᠢᠶᠠᠷ ᠭᠠᠳᠠᠭᠠᠳᠤ ᠨᠡᠬᠡᠬᠡᠯᠳᠡ ᠬᠢᠬᠦ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ | ᠰᠠᠶᠢᠨ ᠡᠬᠢᠯᠡᠯᠲᠡ ᠲᠠᠢ ᠪᠣᠯᠵᠠᠢ ᠭᠡᠵᠦ ᠵᠢᠭᠠᠵᠤ ᠭᠠᠷᠭᠠᠪᠠ᠃ | | ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠬᠤ ᠪᠣᠯ ᠡᠷᠡᠰ ᠬᠠᠲᠠᠭᠤ ᠲᠡᠮᠡᠴᠡᠯ ᠤᠨ ᠵᠣᠷᠢᠭ ᠪᠣᠯᠤᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ | ᠪᠠᠷᠢᠮᠲᠠᠯᠠᠬᠤ ᠴᠢᠬᠤᠯᠠᠲᠠᠢ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ | ᠪᠣᠯᠤᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠳᠠᠶ᠎ᠠ | ᠡᠨᠡ ᠬᠦ ᠵᠠᠩᠭᠢᠯᠠᠭ᠎ᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠨᠠᠮ ᠲᠥᠷᠥ ᠶᠢᠨ ᠦᠢᠯᠡᠰ ᠤᠨ | ᠬᠥᠭᠵᠢᠯᠲᠡ ᠶᠢᠨ ᠲᠡᠦᠬᠡᠨ ᠳᠡᠭᠡᠷᠡᠬᠢ ᠰᠠᠨᠠᠭᠠᠴᠢᠯᠠᠭᠠᠲᠤ ᠡᠷᠬᠡ ᠶᠢ ᠢᠮᠠᠭᠲᠠ ᠪᠠᠲᠤ ᠡᠵᠡᠮᠰᠢᠬᠦ ᠪᠣᠯᠤᠨ᠎ᠠ ᠭᠡᠵᠡᠢ᠃ |