ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ | ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠴᠢᠨᠠᠷ ᠰᠠᠶᠢᠲᠠᠶ ᠬᠥᠭᠵᠢᠯᠲᠡ ᠶᠢᠨ ᠳᠤᠮᠳᠠ | ᠬᠠᠮᠲᠤ ᠪᠠᠷ ᠪᠡᠶᠡᠵᠢᠬᠤ ᠶᠢ ᠠᠬᠢᠭᠤᠯᠵᠤ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠬᠦᠯᠦᠨ ᠰᠠᠶᠢᠲᠤᠷ ᠬᠢᠬᠦ ᠬᠡᠷᠡᠭᠲᠡᠢ | ᠯᠢ ᠺᠧ ᠴᠢᠶᠠᠩ ᠸᠠᠩ ᠶᠠᠩ ᠸᠠᠩ ᠬᠤ᠋ ᠨᠢᠩ ᠬᠠᠨ ᠵᠧᠩ ᠬᠤᠷᠠᠯ ᠳᠤ ᠣᠷᠣᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 17 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠡᠷᠬᠢᠯᠡᠭᠴᠢ ᠰᠢ ᠶᠢᠨ ᠫᠢᠩ 8 | ᠰᠠᠷ᠎ᠠ ᠶᠢᠨ 17 ᠤ ᠡᠳᠦᠷ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠮᠲᠤ ᠪᠠᠷ ᠪᠡᠶᠡᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ | ᠠᠰᠠᠭᠤᠳᠠᠯ ᠢ ᠰᠤᠳᠤᠯᠵᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ᠂ ᠮᠥᠩᠭᠦᠨ ᠭᠦᠢᠯᠭᠡᠭᠡᠨ ᠢ ᠲᠣᠭᠲᠠᠭᠤᠨ ᠢᠶᠠᠷ ᠬᠦᠭᠵᠢᠬᠦᠯᠬᠦ ᠠᠵᠢᠯ ᠢ ᠰᠠᠶᠢᠲᠤᠷ ᠬᠢᠬᠦ ᠠᠰᠠᠭᠤᠳᠠᠯ ᠢ | ᠰᠤᠳᠤᠯᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠬᠠᠮᠲᠤ ᠪᠠᠷ ᠪᠡᠶᠡᠵᠢᠬᠤ ᠪᠣᠯ | ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠬᠤᠯᠠ ᠣᠨᠴᠠᠯᠢᠭ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠬᠤ ᠶᠢ | ᠠᠬᠢᠭᠤᠯᠬᠤ ᠬᠡᠷᠡᠭᠲᠡᠢ︔ ᠮᠥᠩᠭᠦᠨ ᠭᠦᠢᠯᠭᠡᠭᠡᠨ ᠪᠣᠯ ᠤᠳᠤ ᠦᠶ᠎ᠡ ᠶᠢᠨ ᠠᠵᠤ ᠠᠬᠤᠢ ᠶᠢᠨ ᠭᠤᠣᠯᠯᠠᠬᠴᠢ ᠮᠥᠨ᠂ | ᠬᠥᠭᠵᠢᠯᠲᠡ ᠪᠠ ᠠᠮᠤᠷ ᠲᠦᠪᠰᠢᠨ ᠳᠤ ᠬᠤᠯᠪᠣᠭᠳᠠᠨ᠎ᠠ᠂ ᠵᠠᠬ᠎ᠠ ᠳᠡᠯᠭᠡᠭᠦᠷᠵᠢᠯᠲᠡ ᠬᠠᠤᠯᠢᠵᠢᠯᠳᠠ ᠶᠢᠨ ᠵᠠᠷᠴᠢᠮ ᠢ | ᠵᠢᠷᠤᠮᠯᠠᠵᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ | ᠡᠷᠬᠢᠯᠡᠭᠴᠢ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠸᠠᠩ ᠬᠤ᠋ ᠨᠢᠩ᠂ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ | ᠭᠡᠰᠢᠭᠦᠨ ᠬᠠᠨ ᠵᠧᠩ ᠬᠤᠷᠠᠯ ᠳᠤ ᠣᠷᠣᠯᠴᠠᠵᠠᠢ᠃ | ᠬᠤᠷᠠᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠪ ᠤᠨ ᠬᠥᠳᠡᠭᠡ | ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠲᠤ ᠪᠠᠷ ᠪᠡᠶᠡᠵᠢᠬᠤ ᠶᠢ ᠯᠠᠪᠳᠠᠭᠤᠨ | ᠪᠠᠲᠤᠲᠠᠶ ᠠᠬᠢᠭᠤᠯᠬᠤ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠮᠳᠠᠳᠤ ᠤᠯᠤᠰ ᠤᠨ | ᠠᠷᠠᠳ ᠤᠨ ᠪᠠᠩᠬᠢ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠮᠥᠩᠭᠦᠨ ᠭᠦᠶᠯᠭᠡᠭᠡᠨ ᠤ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠮᠥᠩᠭᠦᠨ ᠭᠦᠶᠯᠭᠡᠭᠡᠨ ᠢ ᠲᠣᠭᠲᠠᠭᠤᠨ ᠢᠶᠠᠷ | ᠬᠦᠭᠵᠢᠬᠦᠯᠬᠦ ᠠᠵᠢᠯ ᠢ ᠰᠠᠶᠢᠲᠤᠷ ᠬᠢᠬᠦ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠥᠭᠡᠷᠡᠴᠢᠯᠡᠯᠲᠡ ᠨᠡᠭᠡᠭᠡᠯᠳᠠ ᠬᠢᠭᠰᠡᠨ ᠤ ᠲᠠᠷᠠᠭ᠎ᠠ᠂ ᠮᠠᠨ ᠤ ᠨᠠᠮ ᠵᠥᠪ ᠪᠤᠷᠤᠭᠤ ᠬᠤᠶᠠᠷ | ᠲᠠᠯ᠎ᠠ ᠶᠢᠨ ᠲᠡᠦᠬᠡ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠶᠠᠳᠠᠭᠤ ᠬᠤᠭᠤᠰᠣᠨ ᠪᠣᠯ ᠨᠡᠶᠢᠭᠡᠮ ᠵᠢᠷᠤᠮ ᠪᠢᠰᠢ | ᠭᠡᠳᠡᠭ ᠢ ᠲᠠᠨᠢᠵᠤ᠂ ᠤᠯᠠᠮᠵᠢᠯᠠᠯᠲᠤ ᠪᠠᠶᠢᠭᠤᠯᠤᠮᠵᠢ ᠶᠢᠨ ᠬᠦᠯᠢᠶᠡᠰᠦᠯᠡᠯ ᠢ ᠡᠪᠳᠡᠵᠦ᠂ ᠬᠡᠰᠡᠭ ᠬᠥᠮᠦᠨ᠂ ᠬᠡᠰᠡᠭ | ᠭᠠᠵᠠᠷ ᠣᠷᠣᠨ ᠤᠷᠢᠳ ᠢᠶᠠᠷ ᠪᠠᠶᠠᠵᠢᠬᠤ ᠶᠢ ᠵᠥᠪᠰᠢᠶᠡᠷᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ | ᠴᠢᠯᠥᠭᠡᠯᠡᠨ ᠬᠥᠭᠵᠢᠭᠦᠯᠬᠦ ᠶᠢ ᠠᠬᠢᠭᠤᠯᠵᠠᠢ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ | ᠨᠠᠮ ᠤᠨ ᠲᠥᠪ ᠬᠤᠷᠢᠶ᠎ᠠ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠯᠬᠤᠮ ᠠᠯᠬᠤᠮ ᠢᠶᠠᠷ | ᠪᠡᠶᠡᠯᠡᠭᠦᠯᠬᠦ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠮᠲᠤ ᠪᠠᠷ | ᠪᠠᠶᠠᠵᠢᠬᠤ ᠶᠢ ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠴᠡᠢ᠃ ᠪᠢᠳᠡ ᠶᠠᠭ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ᠂ ᠮᠠᠨ ᠤ ᠤᠯᠤᠰ ᠤᠨ | ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠳᠤ ᠵᠣᠬᠢᠴᠠᠭᠤᠯᠤᠨ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠳᠤ | ᠡᠷᠬᠡᠪᠰᠢ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠷᠠᠳ ᠲᠦᠮᠡᠨ ᠳᠤ ᠵᠣᠯ ᠵᠢᠷᠭᠠᠯ | ᠣᠯᠭᠤᠬᠤ ᠬᠦᠴᠦᠯᠡᠬᠦ ᠴᠡᠭ ᠪᠣᠯᠭᠠᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠰᠠᠭᠤᠷᠢ ᠶᠢ | ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠬᠠᠮᠲᠤ ᠪᠠᠷ ᠪᠡᠶᠡᠵᠢᠬᠤ ᠪᠣᠯ ᠪᠦᠬᠦ ᠠᠷᠠᠳ ᠲᠦᠮᠡᠨ ᠤ ᠪᠠᠶᠠᠵᠢᠯ ᠮᠥᠨ᠂ ᠠᠷᠠᠳ ᠤᠯᠠᠨ ᠤ | ᠪᠣᠳᠠᠰ ᠤᠨ ᠠᠮᠢᠳᠤᠷᠠᠯ ᠪᠣᠯᠤᠨ ᠤᠶᠤᠨ ᠤ ᠠᠮᠢᠳᠤᠷᠠᠯ ᠪᠦᠷ ᠪᠡᠶᠡᠵᠢᠬᠤ ᠶᠠᠪᠤᠳᠠᠯ ᠮᠦᠨ᠂ ᠬᠠᠷᠢᠨ ᠴᠥᠭᠡᠨ | ᠲᠣᠭᠠᠨ ᠤ ᠬᠥᠮᠦᠰ ᠤᠨ ᠪᠠᠶᠠᠵᠢᠯ ᠪᠢᠰᠢ᠂ ᠮᠦᠨ ᠴᠤ ᠵᠢᠭᠳᠡ ᠪᠠᠷ ᠲᠡᠭᠰᠢᠳᠬᠡᠬᠦ ᠦᠵᠡᠯ ᠪᠢᠰᠢ᠂ ᠱᠠᠳᠤ ᠬᠤᠪᠢᠶᠠᠨ | ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠠᠵᠢᠯᠴᠢ ᠬᠥᠳᠡᠯᠮᠦᠷᠢᠴᠢ ᠪᠠᠷ ᠰᠢᠨ᠎ᠡ ᠶᠢ ᠡᠭᠦᠳᠴᠦ | ᠪᠠᠶᠠᠵᠢᠬᠤ ᠶᠢ ᠵᠣᠷᠢᠭᠵᠢᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠰᠤᠷᠭᠠᠨ ᠬᠥᠮᠦᠵᠢᠯ ᠬᠦᠷᠳᠡᠬᠦ ᠬᠡᠮᠵᠢᠶ᠎ᠡ ᠶᠢ ᠳᠡᠭᠡᠭᠰᠢᠯᠡᠭᠦᠯᠬᠦ | ᠂ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠬᠦ ᠳᠤ ᠨᠡᠩ ᠲᠦᠭᠡᠮᠡᠯ ᠬᠦᠷᠳᠡᠭᠡᠮᠵᠢᠳᠤ ᠲᠥᠪ ᠭᠤᠣᠯᠴᠢ ᠨᠥᠬᠦᠴᠡᠯ ᠢ | ᠡᠭᠦᠳᠦᠨ ᠦᠭᠴᠤ᠂ ᠥᠭᠡᠳᠡᠯᠡᠬᠦ ᠵᠠᠮ ᠢ ᠰᠠᠭᠠᠳ ᠦᠭᠡᠢ ᠨᠡᠪᠲᠡᠷᠡᠭᠦᠯᠵᠦ᠂ ᠨᠡᠩ ᠤᠯᠠᠨ ᠬᠥᠮᠦᠨ ᠳᠤ ᠪᠠᠶᠠᠵᠢᠬᠤ | ᠲᠣᠬᠢᠶᠠᠯ ᠢ ᠡᠭᠦᠳᠦᠨ ᠥᠭᠴᠦ᠂ ᠬᠥᠮᠦᠨ ᠪᠦᠬᠦᠨ ᠣᠷᠣᠯᠴᠠᠬᠰᠠᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ | ᠪᠣᠯᠭᠠᠬᠤ ᠬᠡᠷᠡᠭᠲᠡᠢ᠃ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠵᠤ᠂ ᠨᠡᠶᠢᠭᠡᠮ ᠵᠢᠷᠤᠮ ᠤᠨ | ᠠᠩᠬᠠᠨ ᠤ ᠱᠠᠲᠤᠨ ᠳᠤ ᠰᠠᠭᠤᠷᠢᠯᠠᠨ᠂ ︽ᠬᠤᠶᠠᠷ ᠥᠴᠦᠬᠡᠨ ᠴᠦ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ | ᠂ ᠨᠡᠶᠢᠲᠡ ᠶᠢᠨ ᠥᠮᠴᠢᠯᠡᠯ ᠢᠶᠠᠷ ᠭᠤᠣᠯ ᠴᠣᠭᠴᠠ ᠪᠣᠯᠭᠠᠵᠤ᠂ ᠤᠯᠠᠨ ᠲᠦᠷᠦᠯ ᠤᠨ ᠥᠮᠴᠢᠯᠡᠯ ᠤᠨ ᠲᠦᠷᠢᠮᠳᠤ | ᠠᠵᠤ ᠠᠬᠤᠢ ᠶᠢ ᠬᠠᠮᠲᠤ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠡᠰᠡᠭ ᠬᠥᠮᠦᠰ ᠤᠷᠢᠳ ᠢᠶᠠᠷ ᠪᠠᠶᠠᠵᠢᠬᠤ ᠶᠢ | ᠵᠦᠪᠰᠢᠶᠡᠷᠡᠵᠤ᠂ ᠤᠷᠢᠳ ᠢᠶᠠᠷ ᠪᠠᠶᠠᠵᠢᠭᠰᠠᠨ ᠨᠢ ᠪᠠᠶᠠᠵᠢᠭᠠᠳᠤᠢ ᠪᠠᠨ ᠳᠠᠶᠢᠴᠢᠯᠠᠬᠤ᠂ ᠪᠠᠶᠠᠵᠢᠭᠠᠳᠤᠢ ᠪᠠᠨ | ᠬᠠᠪᠰᠤᠷᠴᠤ᠂ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠬᠦ᠂ ᠬᠠᠤᠯᠢ ᠶᠣᠰᠣᠭᠠᠷ ᠡᠵᠡᠩᠨᠡᠬᠦ᠂ ᠵᠣᠷᠢᠭᠲᠠᠢ ᠪᠠᠷ | ᠦᠢᠯᠡᠰ ᠪᠤᠰᠬᠠᠬᠤ ᠪᠠᠶᠠᠵᠢᠯ ᠤᠨ ᠲᠠᠭᠠᠭᠤᠯᠤᠬᠴᠢ ᠶᠢ ᠭᠤᠣᠯᠳᠠᠯᠭ᠎ᠠ ᠲᠠᠢ ᠵᠣᠷᠢᠭᠵᠢᠭᠤᠯᠬᠤ ᠬᠡᠷᠡᠭᠲᠡᠢ᠃ ᠴᠢᠳᠠᠯ ᠤᠨ | ᠬᠢᠷᠢ ᠪᠠᠷ ᠢᠶᠠᠨ ᠬᠢᠵᠦ᠂ ᠰᠢᠨᠵᠢᠯᠡᠬᠦ ᠤᠬᠠᠭᠠᠨᠴᠢ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ | ᠪᠠᠶᠢᠭᠤᠯᠵᠤ᠂ ᠬᠥᠮᠦᠨ ᠪᠦᠬᠦᠨ ᠡᠳ᠋ᠯᠡᠭᠰᠡᠨ ᠵᠦᠢ ᠵᠣᠬᠢᠰᠲᠠᠢ ᠬᠤᠪᠢᠶᠠᠷᠢᠯᠠᠯᠲᠠ ᠶᠢᠨ ᠪᠠᠶᠢᠷᠢᠰᠢᠯ ᠢ ᠪᠤᠢ | ᠪᠣᠯᠭᠠᠬᠤ ᠶᠢᠨ ᠬᠠᠮᠲᠤ ᠬᠡᠷᠡᠭᠴᠡᠭᠡ ᠪᠠ ᠪᠣᠯᠤᠮᠵᠢ ᠶᠢ ᠨᠢᠭᠡᠳᠦᠯᠲᠡᠢ ᠲᠥᠯᠥᠪᠵᠢᠭᠦᠯᠵᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠢ ᠠᠵᠤ ᠠᠬᠤᠢ ᠶᠢᠨ ᠬᠥᠭᠵᠢᠯᠲᠡ ᠪᠠ ᠡᠳ᠋ ᠤᠨ ᠬᠦᠴᠦᠨ ᠤ ᠦᠷᠭᠦᠯᠵᠢᠯᠡᠬᠦ ᠰᠠᠭᠤᠷᠢᠨ | ᠳᠡᠭᠡᠷ᠎ᠡ ᠪᠠᠶᠢᠭᠤᠯᠵᠤ᠂ ᠰᠠᠭᠤᠷᠢ ᠴᠢᠨᠠᠷᠲᠠᠢ᠂ ᠲᠦᠭᠡᠮᠡᠯ ᠬᠦᠷᠳᠡᠭᠡᠮᠵᠢᠳᠤ ᠴᠢᠨᠠᠷᠲᠠᠢ᠂ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠴᠢᠩᠭᠠᠳᠬᠠᠬᠤ ᠬᠡᠷᠡᠭᠲᠡᠢ᠃ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ ᠶᠢ ᠪᠠᠷᠢᠮᠲᠠᠯᠠᠵᠤ᠂ ᠬᠠᠮᠲᠤ ᠪᠠᠷ | ᠪᠠᠶᠠᠵᠢᠬᠤ ᠶᠢᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠪᠤᠳᠤᠯᠢᠶᠠᠨᠲᠤ ᠴᠢᠨᠠᠷ ᠢ | ᠭᠦᠢᠴᠡᠳ ᠵᠢᠱᠢᠵᠦ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠪᠦᠲᠦᠮᠵᠢᠲᠡᠢ | ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠤᠷᠰᠢᠯᠭ᠎ᠠ ᠪᠠᠨ ᠳ᠋ᠦᠩᠨᠡᠨ᠂ ᠠᠯᠬᠤᠮ ᠠᠯᠬᠤᠮ ᠢᠶᠠᠷ ᠳᠡᠯᠭᠡᠷᠡᠭᠦᠯᠬᠦ ᠶᠢ | ᠵᠣᠷᠢᠭᠵᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ | ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠦᠷ᠎ᠡ ᠠᠰᠢᠭ ᠪᠠ ᠲᠥᠪ | ᠭᠤᠣᠯᠴᠢ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠤ᠂ ᠠᠩᠬᠠᠨ ᠤ ᠬᠤᠪᠢᠶᠠᠷᠢᠯᠠᠯᠲᠠ᠂ ᠳᠠᠬᠢᠨ | ᠬᠤᠪᠢᠶᠠᠷᠢᠯᠠᠯᠲᠠ᠂ ᠭᠤᠷᠪᠠᠳᠤᠭᠠᠷ ᠤᠳᠠᠭᠠᠨ ᠤ ᠬᠤᠪᠢᠶᠠᠷᠢᠯᠠᠯᠲᠠ ᠶᠢ ᠵᠣᠬᠢᠴᠠᠩᠭᠤᠢ ᠢᠵᠢ ᠪᠦᠷᠢᠳᠦᠭᠰᠡᠨ ᠰᠠᠭᠤᠷᠢ | ᠴᠢᠨᠠᠷᠲᠠᠶ ᠳᠦᠷᠢᠮ ᠤᠨ ᠲᠣᠬᠢᠷᠠᠭᠤᠯᠤᠯᠲᠠ ᠶᠢ ᠪᠠᠶᠢᠢᠭᠤᠯᠵᠤ᠂ ᠭᠠᠶᠢᠯᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ | ᠥᠭᠴᠦ ᠲᠤᠭᠠᠴᠠᠭ᠎ᠠ ᠬᠢᠬᠦ ᠵᠡᠷᠭᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠣᠨᠣᠪᠴᠢᠲᠤ | ᠴᠢᠨᠠᠷ ᠢ ᠳᠡᠭᠡᠭᠰᠢᠯᠡᠭᠦᠯᠵᠦ᠂ ᠳᠤᠮᠳᠠ ᠲᠡᠰ ᠤᠨ ᠣᠷᠣᠯᠭ᠎ᠠ ᠲᠠᠢ ᠬᠦᠮᠦᠰ ᠤᠨ ᠬᠤᠪᠢ ᠶᠢᠨ ᠵᠢᠩ ᠢ ᠥᠷᠭᠡᠳᠬᠡᠵᠦ᠂ | ᠲᠤᠤᠷ᠎ᠠ ᠣᠷᠣᠯᠭ᠎ᠠ ᠲᠠᠢ ᠬᠦᠮᠦᠰ ᠤᠨ ᠣᠷᠣᠯᠭ᠎ᠠ ᠶᠢ ᠨᠡᠮᠡᠭᠳᠡᠭᠦᠯᠵᠦ᠂ ᠥᠨᠳᠥᠷ ᠣᠷᠣᠯᠭ᠎ᠠ ᠶᠢ ᠵᠣᠬᠢᠰᠲᠠᠶ | ᠲᠣᠬᠢᠷᠠᠭᠤᠯᠵᠤ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠵᠤ᠂ ᠳᠤᠮᠳᠠᠬᠢ ᠬᠡᠰᠡᠭ ᠨᠢ ᠶᠡᠭᠡ᠂ ᠬᠤᠶᠠᠷ ᠦᠵᠦᠭᠦᠷ ᠨᠢ | ᠪᠠᠭ᠎ᠠ ᠠᠷᠤᠷ᠎ᠠ ᠬᠡᠯᠪᠡᠷᠢ ᠶᠢᠨ ᠬᠤᠪᠢᠶᠠᠷᠢᠯᠠᠯᠲᠠ ᠶᠢᠨ ᠪᠦᠲᠦᠴᠡ ᠶᠢ ᠪᠦᠷᠢᠯᠳᠦᠭᠦᠯᠵᠦ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠦᠬᠦ | ᠠᠷᠠᠳ ᠲᠦᠮᠡᠨ ᠢ ᠬᠠᠮᠲᠤ ᠪᠠᠷ ᠪᠠᠶᠠᠵᠢᠬᠤ ᠬᠠᠷᠠᠯᠲᠠ ᠲᠠᠶᠢᠢᠰᠢ ᠯᠠᠪᠳᠠᠭᠤᠨ ᠪᠠᠲᠤᠲᠠᠶ ᠤᠷᠤᠭᠰᠢᠯᠠᠭᠤᠯᠬᠤ ᠬᠡᠷᠡᠭᠲᠡᠶ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ | ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠲᠦᠷᠭᠡᠳᠬᠡᠨ | ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠢ ᠴᠢᠩᠭᠠᠳᠬᠠᠵᠤ᠂ ᠠᠵᠢᠯ | ᠲᠦᠷᠦᠯ ᠤᠨ ᠬᠥᠭᠵᠢᠯᠲᠡ ᠶᠢᠨ ᠵᠣᠬᠢᠴᠠᠩᠭᠤᠢ ᠴᠢᠨᠠᠷ ᠢ ᠴᠢᠩᠭᠠᠳᠬᠠᠵᠤ᠂ ᠳᠤᠮᠳᠠ ᠪᠠᠭ᠎ᠠ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠬᠡᠷᠡᠭᠲᠡᠢ᠃ ᠳᠤᠮᠳᠠ ᠲᠡᠰ ᠤᠨ ᠣᠷᠣᠯᠭ᠎ᠠ ᠲᠠᠢ ᠬᠥᠮᠦᠰ ᠤᠨ ᠬᠡᠪᠴᠢᠶ᠎ᠡ ᠶᠢ ᠬᠦᠴᠦᠯᠡᠨ | ᠥᠷᠭᠡᠳᠬᠡᠵᠦ᠂ ᠭᠤᠣᠯᠳᠠᠯᠭ᠎ᠠ ᠶᠢ ᠠᠳᠬᠤᠨ᠂ ᠤᠨᠢᠨ ᠲᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠡᠩ | ᠤᠯᠠᠨ ᠲᠤᠤᠷ᠎ᠠ ᠣᠷᠣᠯᠭ᠎ᠠ ᠲᠠᠢ ᠬᠥᠮᠦᠰ ᠤᠨ ᠳᠤᠮᠳᠠ ᠲᠡᠰ ᠤᠨ ᠣᠷᠣᠯᠭ᠎ᠠ ᠲᠠᠢ ᠬᠦᠮᠦᠰ ᠤᠨ ᠡᠩᠨᠡᠭᠡᠨ ᠳᠤ | ᠣᠷᠣᠬᠤ ᠶᠢ ᠠᠬᠢᠭᠤᠯᠬᠤ ᠬᠡᠷᠡᠭᠲᠡᠢ᠃ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠲᠡᠩᠴᠡᠬᠦᠷᠢᠰᠢᠬᠦᠯᠬᠦ ᠶᠢ | ᠠᠬᠢᠭᠤᠯᠵᠤ᠂ ᠲᠦᠭᠡᠮᠡᠯ ᠬᠦᠷᠳᠡᠬᠡᠮᠵᠢᠳᠤ ᠴᠢᠨᠠᠷᠲᠠᠶ ᠬᠥᠮᠦᠨ ᠤ ᠬᠦᠴᠦᠨ ᠤ ᠬᠥᠷᠥᠩᠭᠡ ᠶᠢᠨ ᠣᠷᠣᠭᠤᠯᠤᠯᠲᠠ ᠶᠢ | ᠨᠡᠮᠡᠭᠳᠡᠭᠦᠯᠵᠦ᠂ ᠨᠠᠰᠤᠵᠢᠯ ᠤᠨ ᠠᠰᠠᠷᠠᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ᠂ ᠦᠨᠳᠦᠰᠦᠨ ᠵᠦᠶᠯ ᠢ | ᠪᠠᠲᠤᠯᠠᠬᠤ ᠠᠪᠤᠷᠠᠨ ᠲᠤᠰᠠᠯᠠᠬᠤ ᠰᠢᠰᠲ᠋ᠧᠮ᠂ ᠣᠷᠣᠨ ᠰᠠᠭᠤᠴᠠ ᠶᠢᠨ ᠬᠠᠩᠭᠠᠯᠭ᠎ᠠ ᠪᠠ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠶ᠃ ᠥᠨᠳᠥᠷ ᠣᠷᠣᠯᠭ᠎ᠠ ᠶᠢ ᠵᠢᠷᠤᠮᠵᠢᠭᠤᠯᠬᠤ ᠪᠠ ᠲᠣᠬᠢᠷᠠᠭᠤᠯᠬᠤ ᠠᠵᠢᠯ ᠢ | ᠴᠢᠩᠭᠠᠳᠬᠠᠵᠤ᠂ ᠬᠠᠤᠯᠢ ᠶᠣᠰᠣᠨ ᠤ ᠣᠷᠣᠯᠭ᠎ᠠ ᠶᠢ ᠬᠠᠤᠯᠢ ᠶᠣᠰᠣᠭᠠᠷ ᠬᠠᠮᠠᠭᠠᠯᠠᠵᠤ᠂ ᠬᠡᠳᠦ ᠥᠨᠳᠥᠷ | ᠣᠷᠣᠯᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ᠥᠨᠳᠥᠷ ᠣᠷᠣᠯᠭ᠎ᠠ ᠲᠠᠢ ᠬᠥᠮᠦᠰ ᠪᠠ ᠠᠵᠤ ᠠᠬᠤᠶᠢᠯᠠᠯ ᠤᠨ | ᠨᠡᠶᠢᠭᠡᠮ ᠳᠤ ᠨᠡᠩ ᠢᠯᠡᠭᠦᠦ ᠠᠴᠢ ᠬᠠᠷᠢᠭᠤᠯᠠᠬᠤ ᠶᠢ ᠵᠣᠷᠢᠭᠵᠢᠭᠤᠯᠬᠤ ᠬᠡᠷᠡᠭᠲᠡᠢ᠃ ᠵᠣᠬᠢᠰ ᠦᠭᠡᠶ ᠣᠷᠣᠯᠭ᠎ᠠ ᠶᠢ | ᠢᠯᠭᠠᠷᠠᠭᠤᠯᠤᠨ ᠵᠢᠷᠤᠮᠵᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠳᠢᠭᠯᠢᠮ ᠢ ᠴᠡᠭᠴᠡᠯᠡᠨ᠂ ᠬᠠᠤᠯᠢ | ᠪᠤᠰᠤ ᠣᠷᠣᠯᠭ᠎ᠠ ᠶᠢ ᠡᠷᠡᠰ ᠴᠠᠭᠠᠵᠠᠯᠠᠬᠤ ᠬᠡᠷᠡᠭᠲᠡᠶ᠃ ᠥᠮᠴᠢᠯᠡᠯ ᠤᠨ ᠡᠷᠬᠡ ᠪᠠ ᠮᠡᠳᠡᠯᠭᠡ ᠶᠢᠨ ᠥᠮᠴᠢᠯᠡᠯ ᠤᠨ | ᠡᠷᠬᠡ ᠶᠢ ᠬᠠᠮᠠᠭᠠᠯᠠᠵᠤ᠂ ᠬᠠᠤᠯᠢ ᠶᠣᠰᠣᠭᠠᠷ ᠪᠠᠶᠠᠵᠢᠬᠤ ᠶᠢ ᠬᠠᠮᠠᠭᠠᠯᠠᠵᠤ᠂ ᠡᠯ᠎ᠡ ᠲᠦᠷᠦᠯ ᠤᠨ ᠬᠦᠷᠦᠩᠭᠡ ᠶᠢᠨ | ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠤᠶᠤᠨ ᠤ | ᠠᠮᠢᠳᠤᠷᠠᠯ ᠤᠨ ᠬᠠᠮᠲᠤ ᠪᠠᠷ ᠪᠡᠶᠡᠵᠢᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠪᠠᠷ ᠵᠢᠯᠤᠭᠤᠳᠤᠭᠤᠯᠬᠤ ᠶᠢ ᠴᠢᠩᠭᠠᠳᠬᠠᠵᠤ᠂ ᠠᠷᠠᠳ ᠤᠯᠠᠨ ᠤ ᠤᠯᠠᠨ ᠶᠠᠩᠵᠤ ᠶᠢᠨ᠂ ᠤᠯᠠᠨ ᠲᠡᠰ | ᠳᠠᠪᠬᠤᠷᠭ᠎ᠠ ᠶᠢᠨ᠂ ᠤᠯᠠᠨ ᠲᠠᠯ᠎ᠠ ᠶᠢᠨ ᠤᠶᠤᠨ ᠤ ᠪᠡ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ | ᠬᠡᠷᠡᠭᠲᠡᠢ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ | ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ | ᠬᠠᠩᠭᠠᠬᠤ ᠬᠡᠷᠡᠭᠲᠡᠢ᠃ ᠲᠠᠷᠢᠶᠠᠴᠢᠨ ᠬᠥᠳᠡᠭᠡ ᠲᠣᠰᠬᠤᠨ ᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ | ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠰᠠᠶᠢᠵᠢᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠨᠢᠭᠡ ᠪᠣᠯᠭᠠᠵᠤ᠂ ᠬᠡᠳᠦᠨ | ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ︽ᠶᠡᠭᠡ ᠲᠠᠯ᠎ᠠ ᠶᠢ ᠲᠣᠭᠲᠠᠪᠤᠷᠢᠵᠢᠭᠤᠯᠬᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠤᠨᠢᠨ | ᠳᠡᠭᠡᠷ᠎ᠡ ᠨᠢ ᠵᠠᠳᠠᠯᠬᠤ︾ ᠦᠨᠳᠦᠰᠦᠨ ᠴᠢᠭᠯᠡᠯᠲᠡ ᠶᠣᠰᠣᠭᠠᠷ ᠠᠵᠢᠯ ᠢᠶᠠᠨ ᠠᠬᠢᠭᠤᠯᠵᠤ᠂ ᠮᠥᠩᠭᠦᠨ ᠭᠦᠢᠯᠭᠡᠭᠡᠨ ᠤ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ | ᠱᠠᠳᠤ ᠦᠶᠡᠴᠢ ᠴᠢᠨᠠᠷᠲᠠᠢ ᠦᠷ᠎ᠡ ᠪᠦᠲᠦᠭᠡᠯ ᠢ ᠣᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠵᠤ᠂ ᠤᠯᠤᠰ ᠤᠨ ᠠᠵᠤ ᠠᠬᠤᠢ ᠮᠥᠩᠭᠦᠨ | ᠭᠦᠢᠯᠭᠡᠭᠡᠨ ᠤ ᠲᠣᠭᠲᠠᠭᠤᠨ ᠪᠠ ᠠᠷᠠᠳ ᠲᠦᠮᠡᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠬᠦᠴᠦᠲᠡᠢ | ᠬᠠᠮᠠᠭᠠᠯᠠᠪᠠ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠨᠢ | ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ | ᠂ ᠰᠢᠰᠲ᠋ᠧᠮᠳᠤ ᠦᠵᠡᠯᠲᠡ ᠪᠠᠨ ᠴᠢᠩᠭᠠᠳᠬᠠᠵᠤ᠂ ᠵᠠᠬ᠎ᠠ ᠳᠡᠯᠭᠡᠭᠦᠷᠵᠢᠯᠳᠠ ᠬᠠᠤᠯᠢᠵᠢᠯᠳᠠ ᠶᠢᠨ ᠵᠠᠷᠴᠢᠮ ᠢ ᠵᠢᠷᠤᠮᠯᠠᠵᠤ | ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠲᠣᠭᠲᠠᠭᠤᠨ ᠤ ᠰᠠᠭᠤᠷᠢ ᠶᠢ | ᠪᠠᠬᠢᠵᠢᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠵᠦ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠠᠷᠢᠯᠭᠠᠵᠤ᠂ ᠪᠤᠰᠤᠳ ᠬᠦᠷᠢᠶ᠎ᠠ ᠴᠠᠷᠠᠭᠠᠨ ᠳᠠᠬᠢ ᠠᠶᠤᠯ ᠲᠦᠭᠰᠢᠭᠦᠷᠢ ᠶᠢ ᠰᠢᠢᠳᠪᠦᠷᠢᠯᠡᠬᠦ | ᠶᠠᠪᠤᠴᠠ ᠳᠤ ᠲᠠᠭᠠᠯᠳᠤᠨ ᠡᠬᠦᠰᠬᠦ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ | ᠣᠷᠣᠨ ᠨᠤᠲᠤᠭ ᠤᠨ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠴᠠ ᠶᠢ ᠰᠢᠯᠤᠭᠤᠳᠬᠠᠵᠤ᠂ ᠲᠤᠰᠢᠶᠠᠯ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ | ᠰᠢᠰᠲ᠋ᠧᠮ ᠤᠨ ᠺᠠᠳ᠋ᠷ ᠤᠨ ᠡᠩᠨᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠲᠣᠭᠠᠴᠢᠯᠠᠭᠰᠠᠨ ᠤᠶᠤᠨᠴᠢᠯᠠᠬᠰᠠᠨ ᠲᠦᠪᠰᠢᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ | ᠢᠯᠵᠠᠷᠡᠯ ᠢ ᠵᠠᠯᠬᠠᠭᠠᠨ ᠰᠢᠢᠳᠬᠡᠬᠦ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠨᠢᠭᠡ ᠴᠤᠭᠴᠠᠵᠢᠭᠤᠯᠤᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠥᠭᠡᠷᠡᠴᠢᠯᠡᠯᠲᠡ ᠶᠢ | ᠲᠦᠷᠭᠡᠳᠬᠡᠵᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠦᠳᠦᠯᠦᠨ | ᠲᠠᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠠᠤᠯᠢᠵᠢᠯ ᠪᠠ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠯᠭᠠᠨ ᠲᠠᠨᠢᠬᠤ᠂ | ᠬᠢᠨᠠᠨ ᠬᠡᠮᠵᠢᠬᠦ᠂ ᠬᠠᠮᠢᠶᠠᠷᠬᠤ᠂ ᠰᠢᠢᠳᠪᠦᠷᠢᠯᠡᠬᠦ ᠵᠡᠷᠭᠡ ᠭᠤᠭᠴᠤᠭ᠎ᠠ ᠳᠠᠬᠢ ᠢᠲᠡᠭᠡᠮᠵᠢ ᠶᠢᠨ ᠰᠠᠭᠤᠷᠢ ᠦᠢᠯᠡᠳᠦᠯ ᠢ | ᠪᠠᠳᠠᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠵᠠᠢ᠃ | |