ᠯᠢ ᠺᠧ ᠴᠢᠶᠠᠩ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠲᠤ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/3
ᠯᠢ ᠺᠧ ᠴᠢᠶᠠᠩ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠲᠤ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠪᠠ      ᠯᠢ ᠺᠧ ᠴᠢᠶᠠᠩ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠲᠤ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠴᠢᠩᠭᠠᠷᠠᠭᠤᠯᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ      7 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠲᠤ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠪᠠ ᠳᠠᠷᠠᠭᠠᠴᠢ ᠶᠢᠨ ᠠᠯᠬᠤᠮ ᠤᠨ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠬᠦ ᠠᠵᠢᠯ ᠢ ᠰᠤᠳᠤᠯᠪᠠ᠃      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠤᠨ ᠡᠮᠦᠨ᠎ᠡ ᠠᠴᠠ ᠬᠠᠷᠢᠭᠤ ᠮᠡᠳᠡᠭᠦᠯᠦᠯᠲᠡ ᠬᠢᠪᠡ᠃ ᠯᠢ ᠺᠧ ᠴᠢᠶᠠᠩ ᠾᠧᠨᠠᠨ᠂ ᠡᠾᠧᠪᠸᠢ᠂ ᠵᠢᠶᠠᠩᠰᠦ᠂ ᠵᠧᠵᠢᠶᠠᠩ᠂ ᠠᠨᠾᠦ᠋ᠢ ᠵᠡᠷᠭᠡ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠡᠭᠦᠷᠭᠡ ᠬᠦᠨᠳᠦ ᠮᠤᠵᠢ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠳ ᠲᠠᠢ ᠸᠢᠳᠢᠣ᠋ ᠪᠠᠷ ᠬᠤᠯᠪᠣᠭ᠎ᠠ ᠠᠪᠤᠭᠰᠠᠨ ᠤ ᠬᠠᠮᠲᠤ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠠᠷᠢᠭᠤᠴᠠᠯᠭᠠᠲᠠᠳ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ᠂ ᠲᠠᠷᠠᠭᠠᠴᠢ ᠶᠢᠨ ᠠᠯᠬᠤᠮ ᠤᠨ ᠠᠷᠭᠠᠴᠠᠭᠠᠬᠤ ᠪᠡᠯᠡᠳᠬᠡᠯ ᠵᠡᠷᠭᠡ ᠶᠢ ᠨᠠᠷᠢᠨ ᠣᠶᠢᠯᠠᠭᠠᠵᠤ᠂ ᠠᠮᠤᠷ ᠲᠦᠪᠰᠢᠨ ᠤ ᠵᠠᠩᠭᠢᠯᠠᠭ᠎ᠠ ᠶᠢ ᠴᠢᠩᠭ᠎ᠠ ᠡᠵᠡᠮᠳᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ ᠭᠡᠵᠦ ᠱᠠᠭᠠᠷᠳᠠᠪᠠ᠃      ᠯᠢ ᠺᠧ ᠴᠢᠶᠠᠩ ᠬᠡᠯᠡᠬᠦ ᠳᠤ ᠪᠠᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠤᠯᠤᠰ ᠤᠨ ᠬᠡᠰᠡᠭ ᠭᠠᠵᠠᠷ ᠲᠤ ᠲᠦᠢᠯ ᠤᠨ ᠶᠡᠭᠡ ᠪᠣᠷᠣᠭᠠᠨ ᠣᠷᠣᠵᠤ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠨᠢ ᠬᠥᠮᠦᠰ ᠤᠨ ᠰᠡᠳᠬᠢᠯ ᠢ ᠰᠢᠮᠰᠢᠷᠡᠭᠦᠯᠦᠨ᠎ᠡ᠃ ᠭᠠᠮᠰᠢᠭᠳᠠᠭᠰᠠᠨ ᠣᠷᠣᠨ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠪᠦᠬᠦ ᠬᠦᠴᠦᠨ ᠢᠶᠠᠷ ᠢᠶᠠᠨ ᠠᠶᠤᠯ ᠭᠠᠮᠰᠢᠭ ᠠᠴᠠ ᠠᠪᠤᠷᠠᠨ ᠲᠡᠩᠬᠡᠷᠡᠭᠦᠯᠵᠦ᠂ ᠶᠡᠭᠡ ᠬᠡᠮᠵᠢᠶᠡᠨ ᠤ ᠠᠵᠢᠯ ᠬᠢᠵᠡᠶ᠃ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠶ᠃ ᠣᠳᠣᠬᠠᠨ ᠳᠤ ᠶᠠᠭ ︽ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠬᠠᠮᠤᠭ ᠤᠨ ᠵᠠᠩᠭᠢᠯᠠᠭ᠎ᠠ ᠶᠢᠨ ᠱᠠᠲᠤᠨ ᠳᠤ ᠪᠠᠶᠢᠵᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠤᠮᠠᠷᠠᠲᠤ ᠣᠷᠣᠨ ᠤ ᠬᠡᠰᠡᠭ ᠭᠠᠵᠠᠷ ᠣᠷᠣᠨ ᠳᠤ ᠪᠠᠰᠠ ᠲᠤᠶᠢᠯ ᠤᠨ ᠰᠢᠷᠦᠭᠦᠨ ᠠᠭᠠᠳᠠᠷ ᠪᠣᠷᠣᠭᠠᠨ ᠣᠷᠣᠬᠤ ᠪᠣᠯᠣᠯᠴᠠᠭ᠎ᠠ ᠲᠠᠢ᠂ ᠲᠠᠶᠢᠹᠧᠩ ᠰᠠᠯᠬᠢ ᠨᠢ ᠴᠦ ᠲᠡᠯᠡᠶ ᠳᠠᠭᠠᠤ ᠣᠷᠣᠨ ᠳᠤ ᠨᠡᠯᠢᠶᠡᠳ ᠶᠡᠭᠡ ᠨᠥᠯᠥᠭᠡ ᠦᠵᠡᠭᠦᠯᠵᠦ᠂ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠬᠡᠴᠡᠭᠦᠤ ᠪᠣᠯᠬᠤᠷ ᠪᠥᠬᠦ ᠲᠠᠯ᠎ᠠ ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠤᠷᠢᠳᠴᠢᠯᠠᠨ ᠰᠡᠷᠭᠡᠶᠢᠯᠡᠵᠦ᠂ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠥᠮᠦᠨ ᠤ ᠠᠮᠢ ᠨᠠᠰᠤ ᠠᠯᠢᠪᠠ ᠠᠴᠠ ᠡᠷᠬᠢᠮ᠂ ᠾᠧᠨᠠᠨ ᠵᠡᠷᠭᠡ ᠭᠠᠮᠰᠢᠭᠳᠠᠭᠰᠠᠨ ᠭᠠᠵᠠᠷ ᠣᠷᠣᠨ ᠤ ᠬᠢᠨ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠨᠢᠭᠡ ᠬᠥᠮᠦᠨ ᠢ ᠴᠦ ᠬᠤᠴᠣᠷᠤᠭᠤᠯᠬᠤ ᠦᠭᠡᠢ ᠪᠠᠶᠢᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠵᠢᠭᠠᠬᠠᠨ ᠡᠷᠡᠮᠡᠯᠵᠡᠯ ᠲᠠᠢ ᠯᠡ ᠶᠤᠮ ᠪᠣᠯ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠶ᠃ ᠲᠤᠰᠬᠠᠶ ᠮᠡᠷᠭᠡᠵᠢᠯ ᠤᠨ ᠡᠩᠨᠡᠭᠡ ᠪᠣᠯᠤᠨ ᠪᠡᠯᠡᠳᠬᠡᠮᠵᠢ ᠶᠢ ᠴᠠᠭ ᠲᠤᠬᠠᠶ ᠳᠤ ᠨᠢ ᠲᠣᠬᠢᠷᠠᠭᠤᠯᠵᠤ᠂ ᠨᠡᠶᠢᠭᠡᠮ ᠤᠨ ᠬᠦᠴᠦᠨ ᠢ ᠲᠡᠶᠢᠴᠢᠯᠡᠠ᠂ ᠬᠡᠷᠡᠭᠴᠡᠭᠡ ᠲᠠᠢ ᠭᠠᠵᠠᠷ ᠣᠷᠣᠨ ᠤ ᠭᠠᠮᠰᠢᠭ ᠠᠴᠠ ᠠᠪᠤᠷᠠᠨ ᠲᠡᠩᠬᠡᠷᠡᠭᠦᠯᠬᠦ ᠶᠢ ᠳᠡᠮᠵᠢᠬᠦ ᠬᠡᠷᠡᠭᠲᠡᠢ᠃ ᠠᠪᠤᠷᠠᠨ ᠲᠤᠰᠠᠯᠠᠬᠤ ᠵᠡᠷᠭᠡ ᠮᠡᠳᠡᠭᠡ ᠵᠠᠩᠭᠢ ᠶᠢ ᠦᠨᠡᠨ ᠠᠴᠠ ᠵᠥᠪ ᠢ ᠡᠷᠢᠵᠦ᠂ ᠢᠯᠡ ᠲᠣᠳᠣ ᠨᠡᠶᠢᠲᠡᠯᠡᠬᠦ ᠬᠡᠷᠡᠭᠲᠡᠢ ᠭᠡᠵᠡᠢ᠃      ᠯᠢ ᠺᠧ ᠴᠢᠶᠠᠩ ᠬᠡᠯᠡᠬᠦ ᠳᠤ ᠪᠠᠨ᠂ ᠭᠤᠣᠯᠳᠠᠯᠭ᠎ᠠ ᠶᠢ ᠲᠤᠪᠤᠶᠢᠯᠭᠠᠵᠦ᠂ ᠪᠠᠭᠤᠷᠠᠢ ᠭᠤᠭᠴᠤᠭ᠎ᠠ ᠶᠢ ᠴᠢᠩᠭᠠᠳᠬᠠᠬᠤ ᠬᠡᠷᠡᠭᠲᠡᠢ᠃ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠪᠠ ᠲᠠᠶᠢᠹᠧᠩ ᠰᠠᠯᠬᠢ ᠶᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠳᠤᠨ ᠳᠠᠭᠠᠬᠤ ᠲᠣᠭᠲᠠᠴᠠ ᠶᠢ ᠴᠢᠩᠭᠠᠷᠠᠭᠤᠯᠤᠨ᠂ ᠴᠠᠭ ᠲᠤᠬᠠᠶ ᠳᠤ ᠨᠢ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤ ᠨᠢ ᠲᠤᠰᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶᠢᠳᠠᠯ ᠳᠣᠣᠷ᠎ᠠ ᠂ ᠬᠤᠳᠠ ᠶᠢᠨ ᠬᠦᠨᠳᠦ ᠨᠣᠴᠢᠲᠠᠶ ᠳᠣᠲᠣᠭᠠᠳᠤ ᠤᠰᠤᠲᠤᠯ ᠳᠤ ᠴᠢᠭᠯᠡᠭᠦᠯᠦᠨ᠂ ᠤᠯᠠᠨ ᠲᠦᠮᠡᠨ ᠢ ᠴᠠᠭ ᠲᠤᠬᠠᠶ ᠳᠤ  ᠨᠢ ᠵᠣᠬᠢᠶᠠᠨ ᠪᠠᠶᠢᠭᠤᠯᠤᠨ ᠠᠶᠤᠯ ᠠᠴᠠ ᠵᠠᠶᠢᠯᠠᠭᠤᠯᠵᠤ᠂ ᠣᠨᠴᠠᠭᠠᠶ ᠠᠵᠢᠯ ᠲᠦᠷᠦᠯ ᠠᠴᠠ ᠪᠤᠰᠤᠳ ᠬᠦᠮᠦᠰ ᠤᠨ ᠠᠵᠢᠯ ᠢ ᠵᠣᠭᠰᠣᠭᠠᠬᠤ ᠰᠤᠷᠤᠯᠭ᠎ᠠ ᠶᠢ ᠵᠣᠭᠰᠣᠭᠠᠬᠤ ᠶᠢ ᠡᠷᠡᠰ ᠰᠢᠭᠤᠷᠬᠠᠶ ᠪᠠᠷ ᠬᠡᠷᠡᠭᠵᠢᠭᠦᠯᠵᠦ᠂ ᠡᠮᠨᠡᠯᠭᠡ ᠶᠢᠨ ᠬᠤᠷᠢᠶ᠎ᠠ ᠵᠡᠷᠭᠡ ᠴᠢᠬᠤᠯᠠ ᠨᠢᠭᠡᠴᠢ ᠶᠢᠨ ᠴᠠᠬᠢᠯᠭᠠᠨ ᠬᠦᠴᠦ᠂ ᠤᠰᠤᠨ ᠤ ᠬᠠᠩᠭᠠᠯᠭ᠎ᠠ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠢᠯᠠᠩᠭᠤᠶ᠎ᠠ ᠬᠥᠮᠦᠨ ᠤ ᠤᠷᠤᠰᠬᠠᠯ ᠨᠢᠭᠲᠠᠷᠠᠭᠰᠠᠨ ᠬᠤᠳᠠ ᠶᠢᠨ ᠭᠠᠵᠠᠷ ᠳᠣᠣᠷᠠᠬᠢ ᠲᠡᠮᠤᠷ ᠵᠠᠮ᠂ ᠨᠦᠭᠡᠨ ᠵᠠᠮ᠂ ᠭᠠᠵᠠᠷ ᠳᠣᠣᠷᠠᠬᠢ ᠣᠷᠣᠨ ᠵᠠᠶ ᠵᠡᠷᠭᠡ ᠳᠤ ᠤᠯᠠᠨ ᠲᠦᠮᠡᠨ ᠤ ᠠᠮᠤᠷ ᠲᠦᠪᠰᠢᠨ ᠢ ᠪᠠᠲᠤᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠷᠭ᠎ᠠ ᠬᠢᠳᠡᠯ ᠢ ᠪᠠᠭ᠋ᠠᠨ ᠬᠡᠲᠦᠷᠡᠭᠦᠯᠵᠦ᠂ ᠴᠢᠩᠭ᠎ᠠ ᠪᠠᠶᠢᠯᠭᠠᠵᠤ ᠪᠠᠶᠢᠭᠠᠳ ᠵᠣᠭᠰᠣᠭᠠᠬᠤ ᠶᠣᠰᠣᠲᠠᠶ ᠶᠢ ᠨᠢ ᠵᠣᠭᠰᠣᠭᠠᠵᠤ᠂ ᠪᠢᠲᠡᠭᠦᠮᠵᠢᠯᠡᠬᠦ ᠶᠣᠰᠣᠲᠠᠶ ᠶᠢ ᠨᠢ ᠪᠢᠲᠡᠭᠦᠮᠵᠢᠯᠡᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠠᠴᠠ ᠦᠨᠡᠨ ᠬᠦ ᠵᠠᠶᠢᠯᠠᠰᠬᠢᠬᠦ ᠬᠡᠷᠡᠭᠲᠡᠶ᠃ ᠭᠤᠣᠯᠳᠠᠯᠭ᠎ᠠ ᠲᠠᠢ ᠭᠤᠣᠯ ᠮᠥᠷᠡᠨ᠂ ᠤᠰᠤᠨ ᠴᠥᠭᠦᠷᠥᠮ᠂ ᠳᠠᠯᠠᠩ ᠬᠠᠰᠢᠯᠭ᠎ᠠ᠂ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠪᠠ ᠬᠤᠳᠠ ᠶᠢᠨ ᠭᠤᠣᠯᠳᠠᠯᠭ᠎ᠠ ᠲᠠᠢ ᠤᠯᠠᠨ ᠨᠡᠶᠢᠲᠡ ᠶᠢᠨ ᠲᠠᠯᠠᠪᠤᠷ ᠤᠨ ᠤᠰᠤᠲᠤᠯ ᠤᠨ ᠰᠡᠷᠭᠡᠶᠢᠯᠡᠯᠲᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠣᠳᠠᠰ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠲᠦᠭᠰᠢᠭᠦᠷᠢ ᠲᠤᠯᠭᠠᠷᠠᠪᠠᠯ ᠳᠠᠷᠤᠢ ᠳᠤ ᠨᠢ ᠰᠢᠢᠳᠪᠦᠷᠢᠯᠡᠵᠦ᠂ ᠥᠴᠦᠬᠡᠨ ᠴᠦ ᠣᠮᠲᠣᠭᠠᠶᠢᠯᠠᠵᠤ ᠬᠤᠶᠢᠰᠢᠯᠠᠭᠤᠯᠵᠤ ᠪᠣᠯᠬᠤ ᠦᠭᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃      ᠯᠢ ᠺᠧ ᠴᠢᠶᠠᠩ ᠬᠡᠯᠡᠬᠦ ᠳᠤ ᠪᠠᠨ᠂ ᠠᠳᠡᠭᠰᠡᠳ ᠤᠨ ᠭᠡᠷ ᠪᠦᠯᠢ ᠶᠢᠨ ᠬᠢᠨ ᠢ ᠲᠣᠬᠢᠲᠠᠶ ᠲᠣᠬᠤᠨᠢᠭᠤᠯᠵᠤ᠂ ᠭᠠᠮᠰᠢᠭᠳᠠᠭᠰᠠᠨ ᠣᠯᠠᠨ ᠲᠦᠮᠡᠨ ᠪᠠ ᠠᠶᠤᠯ ᠠᠴᠠ ᠵᠠᠶᠢᠯᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠭᠠᠮᠰᠢᠭᠳᠠᠭᠰᠠᠨ ᠣᠷᠣᠨ ᠤ ᠡᠷᠡᠭᠦᠯ ᠬᠠᠮᠠᠭᠠᠯᠠᠯ ᠪᠠ ᠬᠢᠵᠢᠭ ᠤᠨ ᠰᠡᠷᠭᠡᠶᠢᠯᠡᠯᠲᠡ ᠶᠢ ᠴᠢᠩᠭᠠᠳᠬᠠᠨ᠂ ᠤᠰᠤᠲᠤᠯ ᠢ ᠠᠷᠢᠯᠭᠠᠨ ᠦᠯᠡᠳᠡᠭᠳᠡᠯ ᠢ ᠴᠡᠪᠡᠷᠯᠡᠬᠦ ᠶᠢ ᠲᠦᠷᠭᠡᠳᠬᠡᠵᠦ᠂ ᠤᠰᠤ ᠴᠠᠬᠢᠯᠭᠠᠨ ᠤ ᠬᠠᠩᠭᠠᠯᠭ᠎ᠠ ᠪᠠ ᠵᠠᠮ ᠬᠠᠷᠢᠯᠴᠠᠭ᠎ᠠ ᠮᠡᠳᠡᠭᠡ ᠬᠤᠯᠪᠣᠭ᠎ᠠ ᠵᠡᠷᠭᠡ ᠶᠢ ᠲᠦᠷᠭᠡᠬᠡᠨ ᠰᠡᠷᠭᠦᠭᠡᠬᠦ ᠬᠡᠷᠡᠭᠲᠡᠶ᠃ ᠦᠢᠯᠡᠳᠪᠦᠷᠢᠯᠡᠯ ᠢ ᠰᠡᠷᠭᠦᠭᠡᠬᠦ ᠪᠠ ᠭᠠᠮᠰᠢᠭ ᠤᠨ ᠳᠠᠷᠠᠭ᠎ᠠ ᠲᠠᠬᠢᠨ ᠪᠦᠳᠦᠭᠡᠨ ᠪᠠᠶᠢᠭᠤᠯᠬᠤ ᠠᠵᠢᠯ ᠢ ᠥᠷᠨᠢᠭᠦᠯᠵᠦ᠂ ᠲᠥᠪ ᠤᠨ ᠡᠳ᠋ ᠤᠨ ᠵᠠᠰᠠᠭ ᠤᠨ ᠪᠡᠯᠡᠳᠬᠡᠯ ᠵᠠᠷᠤᠳᠠᠯ ᠢ ᠳᠠᠷᠤᠶ ᠳᠤ ᠨᠢ ᠰᠢᠯᠵᠢᠭᠦᠯᠦᠨ ᠬᠡᠷᠡᠭᠯᠡᠵᠦ᠂ ᠤᠷᠢᠳ ᠢᠶᠠᠷ ᠬᠡᠳᠦᠨ ᠠᠷᠪᠠᠨ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠭᠠᠷᠭᠠᠵᠤ ᠬᠦᠨᠳᠦ ᠨᠣᠴᠢᠲᠠᠶ ᠭᠠᠮᠰᠢᠭᠳᠠᠭᠰᠠᠨ ᠭᠠᠵᠠᠷ ᠣᠷᠣᠨ ᠢ ᠲᠡᠮᠵᠢᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠭᠰᠠᠨ ᠠᠬᠢᠴᠠ ᠶᠢᠨ ᠶᠣᠰᠣᠭᠠᠷ ᠳᠡᠮᠵᠢᠬᠦ ᠡᠷᠴᠢᠮ ᠢᠶᠠᠨ ᠲᠠᠬᠢᠨ ᠴᠢᠩᠭᠠᠷᠠᠭᠤᠯᠬᠤ ᠬᠡᠷᠡᠭᠲᠡᠢ᠃ ᠣᠷᠣᠨ ᠨᠤᠲᠤᠭ ᠤᠨ ᠬᠢᠨ ᠴᠦ ᠲᠤᠰᠬᠠᠶ ᠪᠡᠯᠡ ᠮᠥᠩᠭᠦ ᠲᠣᠬᠢᠷᠠᠭᠤᠯᠬᠤ ᠬᠡᠷᠡᠭᠲᠡᠶ᠃ ᠡᠭᠦᠨ ᠤ ᠬᠠᠮᠲᠤ ᠨᠡᠶᠢᠭᠡᠮ ᠤᠨ ᠲᠤᠰᠠᠯᠠᠮᠵᠢ ᠶᠢᠨ ᠪᠡᠯᠡ ᠮᠥᠩᠭᠦ ᠶᠢ ᠢᠯᠡ ᠲᠣᠳᠣ ᠰᠠᠶᠢᠲᠤᠷ ᠬᠡᠷᠡᠭᠯᠡᠬᠦ ᠬᠡᠷᠡᠭᠲᠡᠢ ᠭᠡᠵᠡᠢ᠃      ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠡᠯ᠎ᠡ ᠲᠠᠯ᠎ᠠ᠂ ᠡᠯ᠎ᠡ ᠱᠠᠳᠤ ᠳᠠᠪᠬᠤᠷᠭ᠎ᠠ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠤᠪᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠠᠯᠳᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠲᠤᠷᠰᠢᠯᠭ᠎ᠠ ᠰᠤᠷᠭᠠᠮᠵᠢ ᠪᠠᠨ ᠬᠢᠨᠠᠮᠠᠭᠠᠶ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠠ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠲᠦᠪᠰᠢᠨ ᠠᠮᠤᠭᠤᠯᠠᠩ ᠢ ᠰᠠᠶᠢᠲᠤᠷ ᠰᠠᠬᠢᠨ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠮᠥᠷᠲᠡᠭᠡᠨ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠸᠠᠩ ᠶᠦᠩ᠂ ᠰᠢᠶᠤᠤ ᠵᠢᠶᠧ᠂ ᠡᡁᠧ ᠯᠢ ᠹᠧᠩ ᠬᠤᠷᠠᠯ ᠳᠤ ᠣᠷᠣᠯᠴᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号