ᠬᠠᠷᠠᠴᠢᠨ ᠬᠤᠰᠢᠭᠤ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/10
ᠬᠠᠷᠠᠴᠢᠨ ᠬᠤᠰᠢᠭᠤ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ

    ᠲᠠᠷᠠᠭᠠᠴᠢ ᠶᠢᠨ ᠠᠯᠬᠤᠮ ᠳᠤ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠠᠯ᠎ᠠ ᠪᠠᠷ

ᠪᠠᠶ ᠯᠢᠩ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠶ

ᠦᠶᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠪᠢᠰᠢᠷᠡᠨ ᠬᠦᠨᠳᠦᠳᠬᠡᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠪᠣᠯ

ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠠᠷᠠᠳ ᠤᠯᠠᠨ ᠤ ᠠᠮᠤᠷ ᠲᠦᠪᠰᠢᠨ ᠠᠶᠤᠯ

ᠲᠦᠭᠰᠢᠭᠦᠷᠢ ᠳᠤ ᠬᠤᠯᠪᠣᠭᠳᠠᠵᠤ᠂ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠠᠶᠤᠯᠭᠦᠢ ᠦᠢᠯᠡᠳᠪᠦᠷᠢᠯᠡᠯ

ᠬᠡᠵᠢᠶᠡᠳᠡ ᠳᠠᠭᠤᠰᠤᠰᠢ ᠦᠭᠡᠢ ᠪᠠᠶᠢᠵᠤ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠤ ᠭᠡᠳ ᠠᠶᠤᠯᠭᠦᠢ

ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠬᠤ ᠬᠡᠷᠡᠭᠲᠡᠢ᠂ ᠪᠠᠶᠢᠳᠠᠯ ᠶᠡᠭᠡ ᠰᠠᠶᠢᠨ ᠪᠠᠶᠢᠨ᠎ᠠ ᠭᠡᠵᠦ

ᠶᠠᠭᠠᠬᠢᠭᠰᠠᠨ ᠴᠤ ᠬᠦᠩᠭᠡᠨ ᠬᠠᠭᠤᠳᠠᠮ ᠢᠶᠠᠷ ᠬᠡᠯᠡᠵᠦ ᠪᠣᠯᠬᠤ ᠦᠭᠡᠢ᠂ ᠥᠴᠦᠬᠡᠨ ᠴᠦ ᠠᠯᠳᠠᠰᠢ ᠦᠭᠡᠢ ᠭᠡᠵᠦ

ᠶᠠᠭᠠᠬᠢᠭᠰᠠᠨ ᠴᠤ ᠬᠦᠩᠭᠡᠨ ᠬᠠᠭᠤᠳᠠᠮ ᠢᠶᠠᠷ ᠬᠡᠯᠡᠵᠦ ᠪᠣᠯᠬᠤ ᠦᠭᠡᠢ᠂ ᠠᠳᠡᠯ ᠪᠣᠯ ᠶᠡᠷᠦᠨᠢ ᠦᠵᠡᠯ ᠰᠠᠨᠠᠭ᠎ᠠ ᠪᠠᠨ

ᠰᠤᠯᠠᠷᠠᠭᠤᠯᠵᠤ᠂ ᠠᠵᠢᠯ ᠳᠤ ᠢᠶᠠᠨ ᠰᠡᠳᠬᠢᠯ ᠠᠯᠭᠠᠰᠠᠬᠤ ᠦᠶ᠎ᠡ ᠳᠤ ᠭᠠᠷᠳᠠᠭ᠃ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢᠨ ᠵᠢᠭᠰᠠᠭᠠᠨ ᠪᠠᠶᠢᠴᠠᠭᠠᠬᠤ᠂ ᠠᠵᠤ ᠠᠬᠤᠶᠢᠯᠠᠯ ᠤᠨ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ

᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠳᠠᠯᠳᠠ ᠬᠡᠮ ᠢ

ᠦᠨᠡᠨᠬᠦ ᠨᠠᠷᠢᠨ ᠪᠠᠶᠢᠴᠠᠭᠠᠵᠤ᠂ ᠪᠣᠳᠠᠲᠠᠶ ᠪᠠᠶᠢᠴᠠᠭᠠᠵᠤ᠂ ᠣᠨᠣᠪᠴᠢᠲᠠᠶ ᠪᠠᠶᠢᠴᠠᠭᠠᠨ᠎ᠠ᠃ ᠬᠤᠯᠪᠣᠭᠳᠠᠯ ᠪᠦᠬᠦᠢ

ᠨᠢᠭᠡᠴᠢ ᠪᠠ ᠠᠵᠤ ᠠᠬᠤᠶᠢᠯᠠᠯ ᠢ ᠴᠢᠩᠭ᠎ᠠ ᠬᠠᠮᠢᠶᠠᠷᠤᠨ ᠬᠦᠨᠳᠦ ᠪᠠᠷ ᠲᠣᠷᠭᠠᠵᠤ᠂ ᠠᠮᠤᠷ ᠲᠦᠪᠰᠢᠨ ᠢ ᠴᠢᠩᠭ᠎ᠠ

ᠠᠳᠬᠤᠵᠤ᠂ ᠲᠠᠯᠳᠠ ᠭᠡᠮ ᠢ ᠦᠨᠡᠨ ᠬᠦ ᠦᠨᠳᠦᠰᠦᠨ ᠠᠴᠠ ᠨᠢ ᠠᠷᠢᠯᠭᠠᠵᠤ᠂ ᠣᠯᠠᠨᠲᠠ ᠥᠭᠡᠷᠡᠴᠢᠯᠡᠵᠦ ᠣᠯᠠᠨᠲᠠ

ᠶᠠᠯ᠎ᠠ ᠬᠢᠬᠦ ᠶᠢ ᠡᠷᠡᠰ ᠬᠤᠷᠢᠭᠯᠠᠵᠤ᠂ ᠡᠴᠦᠰ ᠲᠡᠭᠡᠨ ᠲᠠᠯᠳᠠ ᠭᠡᠮ ᠢ ᠠᠳᠡᠯ ᠪᠣᠯᠭᠠᠬᠤ ᠪᠠᠶᠢᠳᠠᠯ ᠭᠠᠷᠬᠤ ᠠᠴᠠ

ᠰᠡᠷᠭᠡᠶᠢᠯᠡᠬᠦ ᠬᠡᠷᠡᠭᠲᠡᠶ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠡᠷᠡᠭᠵᠢᠭᠦᠯᠬᠦ ᠶᠢ

ᠳᠠᠷᠤᠰᠢᠭᠤᠯᠬᠤ ᠳᠤ᠂ ᠡᠯ᠎ᠡ ᠰᠠᠯᠠᠭ᠎ᠠ ᠮᠥᠴᠢᠷ ᠤᠨ ᠬᠢᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ

ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂

ᠦᠶᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠪᠠ ᠲᠤᠬᠠᠶᠢᠯᠠᠭᠰᠡᠨ

ᠬᠦᠮᠦᠨ ᠲᠤᠬᠠᠶᠢᠯᠠᠭᠰᠡᠨ ᠠᠵᠢᠯ ᠢ ᠬᠠᠷᠢᠭᠤᠴᠠᠬᠤ ︾ ᠵᠠᠷᠴᠢᠮ ᠶᠣᠰᠣᠭᠠᠷ᠂ ᠥᠪᠡᠷ ᠤᠨ ︽ᠬᠠᠷᠢᠭᠤᠴᠠᠯᠭ᠎ᠠ ᠶᠢᠨ

ᠲᠠᠷᠢᠶ᠎ᠠ ︾ ᠪᠠᠨ ᠰᠠᠶᠢᠳᠤᠷ ᠲᠠᠷᠢᠨ ᠰᠠᠶᠢᠲᠤᠷ ᠬᠠᠮᠢᠶᠠᠷᠤᠬᠤ ᠬᠡᠷᠡᠭᠲᠠᠢ᠃

   

     ᠪᠠᠶ ᠯᠢᠩ ᠵᠢᠭᠠᠵᠤ ᠭᠠᠷᠭᠠᠭᠰᠠᠨ ᠨᠢ᠂ ᠣᠳᠣ ᠨᠠᠮᠤᠷ ᠤᠨ ᠬᠤᠷᠢᠶᠠᠯᠲᠠ ᠶᠢᠨ ᠲᠠᠷᠢᠶᠠᠯᠠᠩ ᠤᠨ ᠠᠵᠢᠯ ᠤᠨ

ᠶᠠᠭᠠᠷᠤᠤ ᠤᠯᠠᠷᠢᠯ ᠪᠣᠯᠵᠤ᠂ ᠬᠡᠰᠡᠭ ᠲᠠᠷᠢᠶᠠᠴᠢᠨ ᠤᠯᠠᠨ ᠲᠦᠮᠡᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠳᠡᠮᠡᠶ

ᠰᠠᠶᠢᠨ ᠣᠶᠢᠯᠠᠭᠠᠬᠤ ᠦᠭᠡᠢ᠂ ᠮᠠᠰᠢᠨ ᠲᠡᠷᠭᠡ ᠪᠠᠷ ᠠᠶᠠᠨᠴᠢᠳ ᠢ ᠲᠤᠭᠲᠠᠮᠠᠯ ᠬᠦᠮᠦᠨ ᠤ ᠲᠤᠭ᠎ᠠ ᠠᠴᠠ

ᠬᠡᠲᠦᠷᠡᠭᠦᠯᠦᠨ ᠲᠡᠭᠡᠭᠡᠪᠦᠷᠢᠯᠡᠬᠦ᠂ ᠪᠠᠷᠠᠭᠠᠨ ᠤ ᠲᠡᠷᠭᠡ᠂ ᠭᠤᠷᠪᠠᠨ ᠬᠦᠷᠳᠦᠲᠦ ᠲᠡᠷᠭᠡ᠂ ᠲᠷᠠᠺᠲ᠋ᠤᠷ ᠢᠶᠠᠷ ᠬᠠᠤᠯᠢ ᠶᠢ

ᠵᠥᠷᠢᠴᠡᠨ ᠬᠥᠮᠦᠨ ᠠᠴᠢᠬᠤ ᠵᠡᠷᠭᠡ ᠦᠵᠡᠭᠳᠡᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠂ ᠡᠯ᠎ᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠢᠶᠠᠷ

ᠲᠡᠷᠭᠡᠨ ᠳᠤ ᠰᠠᠭᠤᠬᠤ ᠶᠢ ᠴᠢᠩᠭᠠᠳᠬᠠᠵᠤ᠂ ᠲᠠᠷᠢᠶᠠᠯᠠᠩ ᠤᠨ ᠮᠧᠬᠠᠨᠢᠭ ᠢ ᠳᠦᠷᠢᠮᠵᠢᠭᠦᠨ ᠬᠡᠷᠡᠭᠯᠡᠬᠦ ᠤᠬᠠᠭᠤᠯᠭ᠎ᠠ ᠶᠢ

ᠵᠢᠷᠤᠮᠵᠢᠭᠤᠯᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂

ᠲᠠᠷᠢᠶᠠᠴᠢᠳ ᠤᠨ ᠨᠠᠮᠤᠷ ᠤᠨ ᠬᠤᠷᠢᠶᠠᠯᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ

ᠪᠠᠲᠤ ᠪᠠᠬᠢ ᠪᠠᠶᠢᠭᠤᠯᠵᠤ ᠥᠭᠬᠦ ᠬᠡᠷᠡᠭᠲᠡᠶ᠃

   

     ᠪᠦᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠠᠯ᠎ᠠ ᠪᠠᠷ᠂ ᠪᠠᠶ ᠯᠢᠩ

ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠠᠵᠢᠯ ᠲᠥᠷᠥᠯ ᠤᠨ ᠰᠠᠯᠠᠭ᠎ᠠ

ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠲᠣᠬᠢᠷᠠᠭᠤᠯᠤᠯᠲᠠ ᠪᠠᠨ ᠦᠨᠳᠦᠰᠦᠯᠡᠵᠦ᠂ ᠭᠠᠯ

ᠤᠨᠲᠠᠷᠠᠭᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ

ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠭᠤᠭᠴᠤᠭ᠎ᠠ ᠶᠢᠨ

ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠬᠡᠮ ᠰᠣᠭᠤᠭ ᠢ ᠴᠠᠭ

ᠲᠤᠬᠠᠶ ᠳᠤᠨᠢ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ  

ᠦᠷᠭᠦᠯᠵᠢᠬᠦᠶᠢᠴᠡ ᠬᠡᠷᠡᠭᠵᠢᠭᠦᠯᠦᠨ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ᠂ ᠠᠷᠠᠳ ᠢᠷᠭᠡᠳ ᠤᠨ

ᠠᠮᠤᠷ ᠲᠠᠶᠢᠪᠤᠩ ᠠᠵᠤ ᠲᠦᠷᠦᠭᠦ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ

ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃

     ᠬᠤᠷᠠᠯ ᠳᠡᠭᠡᠷ᠎ᠡ᠂ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ

ᠪᠥᠬᠦᠶ ᠨᠥᠬᠦᠳ ᠬᠠᠷᠠᠴᠢᠨ ᠬᠤᠰᠢᠭᠤᠨ ᠤ 8 ᠳ᠋ᠤᠭᠠᠷ ᠰᠠᠷ᠎ᠠ ᠶᠢᠨ ᠪᠥᠬᠦ ᠬᠤᠰᠢᠭᠤᠨ ᠤ ᠠᠶᠤᠯᠭᠦᠶ

ᠦᠶᠯᠡᠳᠪᠦᠷᠢᠯᠡᠯ ᠤᠨ ᠠᠵᠢᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ

ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ︔ᠭᠠᠯ ᠤᠨᠲᠠᠷᠠᠭᠠᠬᠤ ᠠᠩᠬᠢ ᠶᠢᠨ ᠶᠡᠭᠡ ᠠᠩᠭᠢ ᠶᠢᠨ ᠳᠠᠷᠤᠭ᠎ᠠ

︽ᠪᠥᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ

ᠲᠥᠰᠦᠯ ︾ ᠳᠤ ᠲᠠᠶᠢᠯᠤᠮᠵᠢ ᠬᠢᠪᠠ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号