ᠬᠠᠷᠠᠴᠢᠨ ᠬᠤᠰᠢᠭᠤ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/10
    ᠬᠠᠷᠠᠴᠢᠨ ᠬᠤᠰᠢᠭᠤ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ    ᠲᠠᠷᠠᠭᠠᠴᠢ ᠶᠢᠨ ᠠᠯᠬᠤᠮ ᠳᠤ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠠᠯ᠎ᠠ ᠪᠠᠷ ᠪᠠᠶ ᠯᠢᠩ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠶ ᠦᠶᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠪᠢᠰᠢᠷᠡᠨ ᠬᠦᠨᠳᠦᠳᠬᠡᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠪᠣᠯ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠳᠤ ᠬᠤᠯᠪᠣᠭᠳᠠᠵᠤ᠂ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠠᠶᠤᠯᠭᠦᠢ ᠦᠢᠯᠡᠳᠪᠦᠷᠢᠯᠡᠯ ᠬᠡᠵᠢᠶᠡᠳᠡ ᠳᠠᠭᠤᠰᠤᠰᠢ ᠦᠭᠡᠢ ᠪᠠᠶᠢᠵᠤ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠤ ᠭᠡᠳ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠬᠤ ᠬᠡᠷᠡᠭᠲᠡᠢ᠂ ᠪᠠᠶᠢᠳᠠᠯ ᠶᠡᠭᠡ ᠰᠠᠶᠢᠨ ᠪᠠᠶᠢᠨ᠎ᠠ ᠭᠡᠵᠦ ᠶᠠᠭᠠᠬᠢᠭᠰᠠᠨ ᠴᠤ ᠬᠦᠩᠭᠡᠨ ᠬᠠᠭᠤᠳᠠᠮ ᠢᠶᠠᠷ ᠬᠡᠯᠡᠵᠦ ᠪᠣᠯᠬᠤ ᠦᠭᠡᠢ᠂ ᠥᠴᠦᠬᠡᠨ ᠴᠦ ᠠᠯᠳᠠᠰᠢ ᠦᠭᠡᠢ ᠭᠡᠵᠦ ᠶᠠᠭᠠᠬᠢᠭᠰᠠᠨ ᠴᠤ ᠬᠦᠩᠭᠡᠨ ᠬᠠᠭᠤᠳᠠᠮ ᠢᠶᠠᠷ ᠬᠡᠯᠡᠵᠦ ᠪᠣᠯᠬᠤ ᠦᠭᠡᠢ᠂ ᠠᠳᠡᠯ ᠪᠣᠯ ᠶᠡᠷᠦᠨᠢ ᠦᠵᠡᠯ ᠰᠠᠨᠠᠭ᠎ᠠ ᠪᠠᠨ ᠰᠤᠯᠠᠷᠠᠭᠤᠯᠵᠤ᠂ ᠠᠵᠢᠯ ᠳᠤ ᠢᠶᠠᠨ ᠰᠡᠳᠬᠢᠯ ᠠᠯᠭᠠᠰᠠᠬᠤ ᠦᠶ᠎ᠡ ᠳᠤ ᠭᠠᠷᠳᠠᠭ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠢᠭᠰᠠᠭᠠᠨ ᠪᠠᠶᠢᠴᠠᠭᠠᠬᠤ᠂ ᠠᠵᠤ ᠠᠬᠤᠶᠢᠯᠠᠯ ᠤᠨ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠳᠠᠯᠳᠠ ᠬᠡᠮ ᠢ ᠦᠨᠡᠨᠬᠦ ᠨᠠᠷᠢᠨ ᠪᠠᠶᠢᠴᠠᠭᠠᠵᠤ᠂ ᠪᠣᠳᠠᠲᠠᠶ ᠪᠠᠶᠢᠴᠠᠭᠠᠵᠤ᠂ ᠣᠨᠣᠪᠴᠢᠲᠠᠶ ᠪᠠᠶᠢᠴᠠᠭᠠᠨ᠎ᠠ᠃ ᠬᠤᠯᠪᠣᠭᠳᠠᠯ ᠪᠦᠬᠦᠢ ᠨᠢᠭᠡᠴᠢ ᠪᠠ ᠠᠵᠤ ᠠᠬᠤᠶᠢᠯᠠᠯ ᠢ ᠴᠢᠩᠭ᠎ᠠ ᠬᠠᠮᠢᠶᠠᠷᠤᠨ ᠬᠦᠨᠳᠦ ᠪᠠᠷ ᠲᠣᠷᠭᠠᠵᠤ᠂ ᠠᠮᠤᠷ ᠲᠦᠪᠰᠢᠨ ᠢ ᠴᠢᠩᠭ᠎ᠠ ᠠᠳᠬᠤᠵᠤ᠂ ᠲᠠᠯᠳᠠ ᠭᠡᠮ ᠢ ᠦᠨᠡᠨ ᠬᠦ ᠦᠨᠳᠦᠰᠦᠨ ᠠᠴᠠ ᠨᠢ ᠠᠷᠢᠯᠭᠠᠵᠤ᠂ ᠣᠯᠠᠨᠲᠠ ᠥᠭᠡᠷᠡᠴᠢᠯᠡᠵᠦ ᠣᠯᠠᠨᠲᠠ ᠶᠠᠯ᠎ᠠ ᠬᠢᠬᠦ ᠶᠢ ᠡᠷᠡᠰ ᠬᠤᠷᠢᠭᠯᠠᠵᠤ᠂ ᠡᠴᠦᠰ ᠲᠡᠭᠡᠨ ᠲᠠᠯᠳᠠ ᠭᠡᠮ ᠢ ᠠᠳᠡᠯ ᠪᠣᠯᠭᠠᠬᠤ ᠪᠠᠶᠢᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠡᠷᠡᠭᠵᠢᠭᠦᠯᠬᠦ ᠶᠢ ᠳᠠᠷᠤᠰᠢᠭᠤᠯᠬᠤ ᠳᠤ᠂ ᠡᠯ᠎ᠡ ᠰᠠᠯᠠᠭ᠎ᠠ ᠮᠥᠴᠢᠷ ᠤᠨ ᠬᠢᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠶᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠪᠠ ᠲᠤᠬᠠᠶᠢᠯᠠᠭᠰᠡᠨ ᠬᠦᠮᠦᠨ ᠲᠤᠬᠠᠶᠢᠯᠠᠭᠰᠡᠨ ᠠᠵᠢᠯ ᠢ ᠬᠠᠷᠢᠭᠤᠴᠠᠬᠤ︾ ᠵᠠᠷᠴᠢᠮ ᠶᠣᠰᠣᠭᠠᠷ᠂ ᠥᠪᠡᠷ ᠤᠨ ︽ᠬᠠᠷᠢᠭᠤᠴᠠᠯᠭ᠎ᠠ ᠶᠢᠨ ᠲᠠᠷᠢᠶ᠎ᠠ︾   ᠪᠠᠨ ᠰᠠᠶᠢᠳᠤᠷ ᠲᠠᠷᠢᠨ ᠰᠠᠶᠢᠲᠤᠷ ᠬᠠᠮᠢᠶᠠᠷᠤᠬᠤ ᠬᠡᠷᠡᠭᠲᠠᠢ᠃    ᠪᠠᠶ ᠯᠢᠩ ᠵᠢᠭᠠᠵᠤ ᠭᠠᠷᠭᠠᠭᠰᠠᠨ ᠨᠢ᠂ ᠣᠳᠣ ᠨᠠᠮᠤᠷ ᠤᠨ ᠬᠤᠷᠢᠶᠠᠯᠲᠠ ᠶᠢᠨ ᠲᠠᠷᠢᠶᠠᠯᠠᠩ ᠤᠨ ᠠᠵᠢᠯ ᠤᠨ ᠶᠠᠭᠠᠷᠤᠤ ᠤᠯᠠᠷᠢᠯ ᠪᠣᠯᠵᠤ᠂ ᠬᠡᠰᠡᠭ ᠲᠠᠷᠢᠶᠠᠴᠢᠨ ᠤᠯᠠᠨ ᠲᠦᠮᠡᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠳᠡᠮᠡᠶ ᠰᠠᠶᠢᠨ ᠣᠶᠢᠯᠠᠭᠠᠬᠤ ᠦᠭᠡᠢ᠂ ᠮᠠᠰᠢᠨ ᠲᠡᠷᠭᠡ ᠪᠠᠷ ᠠᠶᠠᠨᠴᠢᠳ ᠢ ᠲᠤᠭᠲᠠᠮᠠᠯ ᠬᠦᠮᠦᠨ ᠤ ᠲᠤᠭ᠎ᠠ ᠠᠴᠠ ᠬᠡᠲᠦᠷᠡᠭᠦᠯᠦᠨ ᠲᠡᠭᠡᠭᠡᠪᠦᠷᠢᠯᠡᠬᠦ᠂ ᠪᠠᠷᠠᠭᠠᠨ ᠤ ᠲᠡᠷᠭᠡ᠂ ᠭᠤᠷᠪᠠᠨ ᠬᠦᠷᠳᠦᠲᠦ ᠲᠡᠷᠭᠡ᠂ ᠲᠷᠠᠺᠲ᠋ᠤᠷ ᠢᠶᠠᠷ ᠬᠠᠤᠯᠢ ᠶᠢ ᠵᠥᠷᠢᠴᠡᠨ ᠬᠥᠮᠦᠨ ᠠᠴᠢᠬᠤ ᠵᠡᠷᠭᠡ ᠦᠵᠡᠭᠳᠡᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠢᠶᠠᠷ ᠲᠡᠷᠭᠡᠨ ᠳᠤ ᠰᠠᠭᠤᠬᠤ ᠶᠢ ᠴᠢᠩᠭᠠᠳᠬᠠᠵᠤ᠂ ᠲᠠᠷᠢᠶᠠᠯᠠᠩ ᠤᠨ ᠮᠧᠬᠠᠨᠢᠭ ᠢ ᠳᠦᠷᠢᠮᠵᠢᠭᠦᠨ ᠬᠡᠷᠡᠭᠯᠡᠬᠦ ᠤᠬᠠᠭᠤᠯᠭ᠎ᠠ ᠶᠢ ᠵᠢᠷᠤᠮᠵᠢᠭᠤᠯᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠨᠠᠮᠤᠷ ᠤᠨ ᠬᠤᠷᠢᠶᠠᠯᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ ᠥᠭᠬᠦ ᠬᠡᠷᠡᠭᠲᠡᠶ᠃    ᠪᠦᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠠᠯ᠎ᠠ ᠪᠠᠷ᠂ ᠪᠠᠶ ᠯᠢᠩ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠲᠣᠬᠢᠷᠠᠭᠤᠯᠤᠯᠲᠠ ᠪᠠᠨ ᠦᠨᠳᠦᠰᠦᠯᠡᠵᠦ᠂ ᠭᠠᠯ ᠤᠨᠲᠠᠷᠠᠭᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ  ᠦᠷᠭᠦᠯᠵᠢᠬᠦᠶᠢᠴᠡ ᠬᠡᠷᠡᠭᠵᠢᠭᠦᠯᠦᠨ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ᠂ ᠠᠷᠠᠳ ᠢᠷᠭᠡᠳ ᠤᠨ ᠠᠮᠤᠷ ᠲᠠᠶᠢᠪᠤᠩ ᠠᠵᠤ ᠲᠦᠷᠦᠭᠦ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃    ᠬᠤᠷᠠᠯ ᠳᠡᠭᠡᠷ᠎ᠡ᠂ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠨᠥᠬᠦᠳ ᠬᠠᠷᠠᠴᠢᠨ ᠬᠤᠰᠢᠭᠤᠨ ᠤ 8 ᠳ᠋ᠤᠭᠠᠷ ᠰᠠᠷ᠎ᠠ ᠶᠢᠨ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ︔ᠭᠠᠯ ᠤᠨᠲᠠᠷᠠᠭᠠᠬᠤ ᠠᠩᠬᠢ ᠶᠢᠨ ᠶᠡᠭᠡ ᠠᠩᠭᠢ ᠶᠢᠨ ᠳᠠᠷᠤᠭ᠎ᠠ ︽ᠪᠥᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠳᠤ ᠲᠠᠶᠢᠯᠤᠮᠵᠢ ᠬᠢᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号