ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠧᠪᠡᠩ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/9/17
ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠧᠪᠡᠩ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠥᠷᠨᠢᠭᠦᠯᠪᠡ    ᠨᠠᠢᠮᠠᠨ ᠰᠠᠷ᠎ᠠ ᠶᠢᠨ ᠲᠡᠷᠭᠡᠯ ᠪᠠᠶᠠᠷ ᠣᠶᠢᠷᠠᠳᠴᠤ᠂ ᠲᠦᠷᠦᠯ ᠵᠦᠢᠯ ᠤᠯᠠᠨ ᠲᠠᠢ ᠶᠧᠪᠡᠩ ᠵᠠᠬ᠎ᠠ ᠳᠡᠯᠭᠡᠭᠦᠷ ᠲᠤ ᠭᠠᠷᠤᠯ᠎ᠠ᠃ ᠥᠷᠭᠡᠨ ᠣᠯᠠᠨ ᠲᠦᠮᠡᠨ ᠤ ︽ᠰᠠᠨᠠᠭ᠎ᠠ ᠠᠮᠤᠷ ︾ ᠶᠧᠪᠡᠩ ᠢᠳᠡᠬᠦ ᠶᠢ ᠪᠠᠲᠤᠯᠠᠵᠤ᠂ ︽ᠠᠰᠠᠭᠤᠳᠠᠯ ᠲᠠᠢ ︾ ᠶᠧᠪᠡᠩ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠬᠤ ᠠᠵᠢᠯᠲᠠᠨ ᠢ ᠵᠣᠬᠢᠶᠠᠨ ᠪᠠᠶᠢᠭᠤᠯᠵᠤ ᠶᠧᠪᠡᠩ ᠤᠨ ᠵᠠᠬ᠎ᠠ ᠳᠡᠯᠭᠡᠭᠦᠷ ᠲᠤ ᠲᠤᠰᠬᠠᠶ ᠪᠠᠶᠢᠴᠠᠭᠠᠯᠲᠠ ᠬᠢᠵᠡᠶ᠃    ᠪᠠᠶᠢᠴᠠᠭᠠᠬᠤ ᠠᠵᠢᠯᠲᠠᠨ ᠶᠧᠪᠡᠩ ᠵᠢᠴᠢ ᠲᠡᠭᠦᠨ ᠤ ᠦᠶᠯᠡᠳᠦᠭᠰᠡᠨ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠤᠭᠰᠠᠨ ᠡᠬᠡ ᠲᠠᠩᠰᠠ᠂ ᠬᠢᠷᠢ ᠲᠡᠩᠴᠡᠭᠰᠡᠨ ᠭᠡᠷᠡᠴᠢ ᠵᠡᠷᠭᠡ ᠲᠠᠩᠰᠠ ᠡᠪᠬᠡᠮᠡᠯ ᠢ ᠨᠠᠷᠢᠨ ᠪᠠᠶᠢᠴᠠᠭᠠᠨ ᠦᠵᠡᠪᠡ᠃ ᠦᠢᠯᠡᠳᠪᠦᠷᠢᠯᠡᠯ ᠤᠨ ᠶᠠᠪᠤᠴᠠ ᠨᠢ ᠪᠠᠷᠢᠮᠵᠢᠶ᠎ᠠ ᠲᠠᠢ ᠪᠠᠶᠢᠬᠤ ᠡᠰᠡᠬᠦ᠂ ᠦᠢᠯᠡᠳᠪᠦᠷᠢᠯᠡᠯ ᠤᠨ ᠲᠠᠰᠤᠭ ᠨᠢ ᠴᠡᠪᠡᠷ ᠴᠡᠮᠴᠡᠭᠡᠷ ᠪᠠᠶᠢᠬᠤ ᠡᠰᠡᠬᠦ᠂ ᠲᠡᠮᠳᠡᠭ ᠱᠣᠰᠢᠭ᠎ᠠ ᠨᠢ ᠵᠢᠷᠤᠮᠵᠢᠯ ᠲᠠᠢ ᠪᠠᠶᠢᠬᠤ ᠡᠰᠡᠬᠦ᠂ ᠦᠢᠯᠡᠳᠬᠦᠨ ᠤ ᠶᠠᠰᠤ ᠴᠢᠨᠠᠷ ᠨᠢ ᠬᠢᠷᠢ ᠲᠡᠩᠴᠡᠭᠰᠡᠨ ᠡᠰᠡᠬᠦ᠂ ᠬᠤᠭᠤᠴᠠᠭ᠎ᠠ ᠠᠴᠠ ᠬᠡᠲᠦᠷᠡᠭᠰᠡᠨ ᠪᠤᠶᠤ ᠳᠠᠬᠢᠨ ᠬᠤᠷᠢᠶᠠᠨ ᠠᠪᠤᠭᠰᠠᠨ ᠰᠢᠶᠠᠨᠰᠠ ᠪᠠᠷ ᠡᠳ᠋ᠰᠢᠭᠦᠯᠦᠭᠰᠡᠨ ᠡᠰᠡᠬᠦ ᠶᠢ ᠴᠢᠩᠭ᠎ᠠ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ᠃    ᠣᠲᠣ ᠪᠣᠯᠲᠠᠯ᠎ᠠ᠂ ᠨᠡᠶᠢᠲᠡ 11 ᠦᠶᠯᠡᠳᠪᠦᠷᠢᠯᠡᠯ ᠤᠨ ᠨᠢᠭᠡᠴᠡ ᠶᠢ ᠪᠠᠶᠢᠴᠠᠭᠠᠵᠤ᠂ 1 ᠬᠤᠪᠢ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ 9 ᠪᠦᠯᠦᠭ ᠶᠧᠪᠡᠩ ᠢ ᠰᠤᠭᠤᠯᠤᠨ ᠪᠠᠶᠢᠴᠠᠭᠠᠪᠠ᠃ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠪᠥᠬᠦ ᠬᠤᠰᠢᠭᠤᠨ ᠤ ᠶᠧᠪᠡᠩ ᠤᠨ ᠶᠡᠷᠦᠩᠬᠡᠶ ᠪᠠᠶᠢᠳᠠᠯ ᠨᠡᠯᠢᠶᠡᠳ ᠰᠠᠶᠢᠨ ᠪᠠᠶᠢᠵᠤ᠂ ᠬᠤᠭᠤᠴᠠᠭ᠎ᠠ ᠨᠢ ᠥᠩᠭᠡᠷᠡᠭᠰᠡᠨ ᠲᠦᠭᠦᠬᠡᠶ ᠮᠠᠲ᠋ᠧᠷᠢᠶᠠᠯ ᠢ ᠬᠡᠷᠡᠭᠯᠡᠨ ᠶᠧᠪᠡᠩ ᠦᠶᠯᠡᠳᠪᠦᠷᠢᠯᠡᠭᠰᠡᠨ ᠪᠠ ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠠᠴᠠ ᠳᠠᠪᠠᠭᠰᠠᠨ ᠪᠤᠶᠤ ᠬᠡᠮᠵᠢᠶ᠎ᠡ ᠠᠴᠠ ᠬᠡᠲᠦᠷᠡᠭᠦᠯᠦᠨ ᠨᠡᠮᠡᠭᠰᠡᠨ ᠪᠠᠶᠢᠳᠠᠯ ᠢᠯᠡᠷᠡᠭᠰᠡᠨ ᠥᠬᠡᠶ᠃    ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠥᠷᠭᠡᠨ ᠣᠯᠠᠨ ᠬᠡᠷᠡᠭᠯᠡᠭᠴᠢᠳ ᠲᠤ ᠶᠧᠪᠡᠩ ᠬᠤᠳᠠᠯᠳᠤᠨ ᠠᠪᠬᠤ ᠳᠠᠭᠠᠨ ᠴᠠᠭ ᠲᠤᠬᠠᠶ ᠳᠤᠨᠢ ᠬᠤᠳᠠᠯᠳᠤᠭᠠᠴᠢᠨ ᠠᠴᠠ ᠪᠠᠷᠢᠮᠲᠠ᠂ ᠪᠠᠷᠠᠭ᠎ᠠ ᠬᠤᠳᠠᠯᠳᠤᠨ ᠠᠪᠬᠤ ᠵᠢᠵᠢᠭ ᠪᠢᠯᠧᠲ ᠵᠡᠷᠭᠡ ᠭᠡᠷᠡᠴᠢ ᠪᠠᠷᠢᠮᠲᠠ ᠶᠢ ᠠᠪᠬᠤ ᠬᠡᠷᠡᠭᠲᠡᠶ᠂ ᠬᠡᠷᠪᠡ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠲᠤᠯᠭᠠᠷᠠᠪᠠᠯ᠂ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ 12315 ᠶᠢ ᠤᠲᠠᠰᠤᠳᠠᠵᠤ ᠪᠣᠯᠤᠨ᠎ᠠ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号