ᠬᠠᠷᠠᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠥᠴᠢᠨ ᠭᠡᠷ ᠲᠣᠰᠬᠤᠨ ᠳᠤ ᠬᠦᠷᠴᠦ ᠣᠯᠠᠨ ᠲᠦᠮᠡᠨ ᠳᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠵᠦ ᠦᠭᠭᠦᠪᠡ
ᠨᠡᠶᠢᠲᠡᠯᠡᠭᠰᠡᠨ ᠴᠠᠭ᠄
2021/9/24
ᠬᠠᠷᠠᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠥᠴᠢᠨ ᠭᠡᠷ ᠲᠣᠰᠬᠤᠨ ᠳᠤ ᠬᠦᠷᠴᠦ ᠣᠯᠠᠨ ᠲᠦᠮᠡᠨ ᠳᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠵᠦ ᠦᠭᠭᠦᠪᠡ

     ︿︿ᠡᠮᠨᠡᠯᠭᠡ ᠳᠤ ᠡᠪᠡᠳᠴᠢᠨ ᠦᠵᠡᠭᠦᠯᠬᠦ ᠪᠠᠷ ᠣᠴᠢᠬᠤ ᠵᠠᠮ ᠬᠤᠯᠠ᠂ ᠭᠡᠷ ᠤᠨ ᠵᠠᠯᠠᠭᠤᠴᠤᠳ ᠪᠠᠰᠠ ᠠᠵᠢᠯ

 ᠳᠤ ᠪᠠᠨ ᠶᠠᠭᠠᠷᠴᠤ᠂ ᠡᠶᠢᠮᠦ ᠠᠴᠠ ᠶᠡᠭᠡ ᠭᠡᠮ ᠦᠭᠡᠢ ᠴᠦ ᠭᠡᠰᠡᠨ ᠡᠮᠨᠡᠯᠭᠡ ᠳᠤ ᠣᠴᠢᠬᠤ ᠦᠭᠡᠢ ᠶᠤᠮ᠃ ᠡᠳᠦᠭᠡ

ᠲᠤᠰᠬᠠᠶ ᠮᠡᠷᠭᠡᠵᠢᠯᠲᠡᠳ ᠮᠠᠨ ᠤ ᠬᠡᠷ ᠤᠨ ᠡᠭᠦᠳᠡᠨ ᠳᠤ ᠢᠷᠡᠵᠦ᠂ ᠮᠠᠨ ᠤ ᠡᠲᠡᠭᠡᠷ ᠢᠳᠡᠷ ᠥᠲᠡᠯᠦᠭᠡ ᠨᠠᠰᠤᠨ ᠤ

ᠬᠥᠮᠦᠰ ᠲᠤ  ᠦᠢᠯᠡᠴᠢᠯᠡᠵᠤ ᠪᠠᠶᠢᠨ᠎ᠠ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠮᠴᠢ ᠳᠤ ᠮᠠᠰᠢ ᠲᠠᠯᠠᠷᠬᠠᠵᠤ

ᠪᠠᠶᠢᠨ᠎ᠠ﹀﹀  ᠭᠡᠵᠤ ᠳᠥᠴᠢᠨ ᠭᠡᠷ ᠲᠣᠰᠬᠤᠨ ᠤ ᠭᠤᠷᠪᠠᠨ ᠳᠤᠭᠤᠶᠢᠯᠠᠩ ᠤᠨ ᠰᠠᠭᠤᠭᠠᠯᠢ ᠠᠷᠠᠳ ᠸᠧᠨ ᠯᠢ

ᠴᠢᠩ ᠤᠨ ᠡᠮᠨᠡᠯᠭᠡ ᠶᠢᠨ ᠬᠤᠷᠢᠶᠠᠨ ᠤ ᠪᠠᠶᠢᠴᠠᠭᠠᠯᠲᠠ ᠶᠢ ᠬᠢᠵᠦ ᠪᠠᠷᠠᠭᠰᠠᠨ ᠤ ᠳᠠᠷᠠᠭ᠎ᠠ ᠰᠤᠷᠪᠤᠯᠵᠢᠯᠠᠭᠴᠢ ᠳᠤ

ᠬᠡᠯᠡᠵᠠᠢ᠃

     9 ᠰᠠᠷ᠎ᠠ ᠶᠢᠨ 16 ᠤ ᠡᠳᠦᠷ᠂ ᠬᠠᠷᠠᠴᠢᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠶ

ᠡᠭᠦᠷ ᠠᠴᠠ ᠵᠣᠬᠢᠶᠠᠨ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠬᠠᠪᠰᠤᠷᠤᠨ ᠲᠡᠳᠬᠦᠬᠦ ᠲᠣᠰᠬᠤᠨ ᠤ ᠳᠥᠴᠢᠨ ᠠᠶᠢᠯ ᠲᠣᠰᠬᠤᠨ ᠳᠤ ᠬᠦᠷᠴᠦ᠂

ᠣᠯᠠᠨ ᠲᠦᠮᠡᠨ ᠳᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠵᠦ ᠦᠭᠭᠦᠪᠡ᠃

     ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ᠂ ᠴᠡᠭᠡᠵᠢᠨ ᠡᠪᠡᠳᠴᠢᠨ ᠤ ᠲᠤᠰᠬᠠᠶ

ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠳ ᠤᠷᠢᠳ ᠬᠤᠵᠢᠳ ᠣᠯᠠᠨ ᠲᠦᠮᠡᠨ ᠳᠤ ᠴᠡᠭᠡᠵᠢᠨ ᠡᠪᠡᠳᠴᠢᠨ ᠤ

ᠬᠤᠯᠪᠣᠭᠳᠠᠯ ᠪᠥᠬᠦᠶ ᠡᠮᠴᠢᠯᠡᠭᠡᠨ ᠤ ᠮᠡᠳᠡᠯᠭᠡ᠂ ᠵᠢᠷᠦᠬᠡᠨ ᠲᠢᠲᠢᠮ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ

ᠡᠮᠨᠡᠨ ᠵᠠᠰᠠᠬᠤ᠂  ᠴᠡᠭᠡᠵᠢᠨ ᠡᠪᠡᠳᠴᠢᠨ ᠶᠢ ᠢᠯᠭᠠᠨ ᠳᠣᠲᠣᠯᠠᠬᠤ ᠪᠠ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ

ᠵᠡᠷᠭᠡ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠡᠶ᠃

   

      ᠬᠤᠰᠢᠭᠤᠨ ᠤ ᠡᠮᠨᠡᠯᠭᠡ ᠶᠢᠨ ᠬᠤᠷᠢᠶᠠᠨ ᠤ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠲᠦᠷᠭᠡᠨ

ᠡᠮᠨᠡᠯᠭᠡ ᠶᠢᠨ ᠰᠠᠯᠠᠭ᠎ᠠ᠂ ᠬᠦᠨᠳᠦ ᠡᠪᠡᠳᠴᠢᠨ ᠤ ᠡᠮᠨᠡᠯᠭᠡ ᠶᠢᠨ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠬᠡᠤᠬᠡᠳ ᠤᠨ

ᠰᠠᠯᠠᠭ᠎ᠠ᠂ ᠶᠠᠰᠤᠨ ᠤ ᠰᠠᠯᠠᠭ᠎ᠠ᠂ ᠴᠢᠬᠢ ᠬᠠᠮᠠᠷ ᠬᠤᠭᠤᠯᠠᠶ ᠶᠢᠨ ᠰᠠᠯᠠᠭ᠎ᠠ᠂ ᠡᠷᠡᠭᠦᠯᠵᠢᠭᠦᠯᠬᠦ ᠰᠠᠯᠠᠭ᠎ᠠ᠂ ᠤᠷᠢᠳᠴᠢᠯᠠᠨ

ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠰᠠᠯᠠᠭ᠎ᠠ᠂ ᠴᠢᠳᠠᠮᠵᠢ ᠶᠢᠨ ᠰᠠᠯᠠᠭ᠎ᠠ ᠵᠡᠷᠭᠡ ᠰᠠᠯᠠᠭ᠎ᠠ ᠲᠠᠰᠤᠭ ᠠᠴᠠ

ᠢᠷᠡᠭᠰᠡᠨ ᠨᠠᠮ ᠤᠨ ᠭᠡᠰᠢᠭᠦᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ 30 ᠰᠢᠬᠠᠮ ᠪᠣᠶ᠃

ᠵᠢᠷᠦᠬᠡᠨ ᠤ ᠯᠤᠭᠰᠢᠯᠲᠠ ᠶᠢᠨ ᠵᠢᠷᠤᠭ᠂ ᠪᠤᠳᠤᠭᠲᠤ ᠬᠡᠲᠦ ᠳᠣᠯᠭᠢᠶᠠᠨ ᠵᠡᠷᠭᠡ ᠰᠦᠶᠳᠬᠡᠯ ᠬᠤᠷᠢᠶᠠᠬᠤ ᠥᠬᠡᠶ ᠪᠠᠷ

ᠪᠠᠶᠢᠴᠠᠭᠠᠬᠤ ᠵᠦᠶᠯᠡᠰ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ

ᠵᠠᠰᠠᠬᠤ ᠪᠠ ᠡᠷᠡᠭᠦᠯ ᠮᠡᠨᠳᠦ ᠶᠢᠨ ᠲᠤᠬᠠᠶ ᠠᠰᠠᠭᠤᠨ ᠯᠠᠪᠯᠠᠵᠤ᠂ ᠠᠯᠪᠠᠨ ᠵᠢᠷᠤᠮ ᠤᠨ ᠡᠮᠴᠢᠯᠡᠭᠡᠨ ᠤ ᠬᠥᠮᠦᠨ ᠤ

ᠲᠤᠭ᠎ᠠ 50 ᠭᠠᠷᠤᠶ ᠬᠥᠮᠦᠨ ᠤᠳᠠᠭ᠎ᠠ ᠳᠤ ᠬᠦᠷᠴᠦ᠂ ᠡᠮᠨᠡᠭᠦᠯᠦᠭᠰᠡᠨ ᠣᠯᠠᠨ ᠲᠦᠮᠡᠨ ᠳᠤ ᠪᠠᠷᠤᠭ 3500 ᠭᠠᠷᠤᠶ

ᠲᠥᠭᠦᠷᠢᠭ ᠤᠨ ᠡᠮᠴᠢᠯᠡᠭᠡᠨ ᠤ ᠵᠠᠷᠤᠳᠠᠯ ᠢ ᠠᠷᠪᠢᠯᠠᠵᠤ ᠥᠭᠴᠡᠶ᠃

     ︿︿ᠥᠨᠥᠳᠦᠷ ᠡᠮᠨᠡᠯᠭᠡ ᠶᠢᠨ ᠬᠤᠷᠢᠶᠠᠨ ᠤ ᠨᠠᠮ ᠤᠨ ᠭᠡᠰᠢᠭᠦᠨ᠂ ᠠᠨᠠᠭᠠᠬᠤ ᠤᠬᠠᠭᠠᠨ ᠤ ᠲᠤᠰᠬᠠᠶ

ᠮᠡᠷᠭᠡᠵᠢᠯᠲᠡᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠳᠠᠬᠢᠨᠲᠠ ᠵᠣᠬᠢᠶᠠᠨ ᠪᠠᠶᠢᠭᠤᠯᠤᠨ ᠳᠥᠴᠢᠨ

ᠭᠡᠷ ᠲᠣᠰᠬᠤᠨ ᠤ  ︿ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ﹀ ᠳᠤ ᠠᠯᠪᠠᠨ

ᠵᠢᠷᠤᠮ ᠤᠨ ᠡᠮᠴᠢᠯᠡᠭᠡ  ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠬᠢᠯᠭᠡᠵᠦ ᠪᠠᠶᠢᠭ᠎ᠠ ᠨᠢ ᠳᠠᠷᠤᠶ ᠣᠯᠠᠨ

ᠲᠦᠮᠡᠨ ᠤ ᠬᠡᠷᠡᠭᠴᠡᠭᠡ ᠶᠢ ᠦᠨᠳᠦᠰᠦᠯᠡᠨ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠦᠨᠡᠨᠬᠦ ᠣᠯᠠᠨ ᠲᠦᠮᠡᠨ ᠤ

ᠭᠡᠷ ᠤᠨ ᠡᠭᠦᠳᠡᠨ ᠳᠤ ᠬᠦᠷᠭᠡᠵᠦ ᠪᠠᠶᠢᠭ᠎ᠠ ᠶᠠᠪᠤᠳᠠᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠳᠥᠴᠢᠨ

ᠭᠡᠷ ᠲᠣᠰᠬᠤᠨ ᠳᠤ ᠰᠠᠭᠤᠭ᠎ᠠ ︿ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠥᠷᠲᠡᠭᠡ﹀ ᠶᠢᠨ

ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ᠪᠠᠬᠢᠯᠡᠯᠲᠡ ᠶᠢᠨ ᠦᠶᠯᠡᠳᠦᠯ ᠢ ᠰᠠᠶᠢᠲᠤᠷ ᠠᠰᠢᠭᠯᠠᠵᠤ᠂ ᠤᠯᠠᠨ

ᠲᠦᠮᠡᠨ ᠳᠤ ᠪᠣᠳᠠᠲᠠᠶ ᠠᠵᠢᠯ ᠬᠢᠵᠦ᠂ ᠡᠷᠡᠭᠦᠯ ᠮᠡᠨᠳᠤ ᠶᠢ ᠬᠦᠷᠭᠡᠵᠦ᠂ ᠨᠠᠮ ᠤᠨ ᠬᠠᠶᠢᠷ᠎ᠠ ᠬᠠᠯᠠᠮᠵᠢ ᠶᠢ ᠠᠷᠠᠳ

ᠤᠯᠠᠨ ᠤ ᠭᠡᠷ ᠲᠤ ᠬᠦᠷᠭᠡᠵᠦ ᠥᠭᠬᠦ ᠬᠡᠷᠡᠭᠲᠡᠶ︾ ᠭᠡᠵᠦ ᠬᠠᠷᠠᠴᠢᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠳᠡᠳ᠋

ᠳᠠᠷᠤᠭ᠎ᠠ ᠭᠤᠸ᠋ ᠭᠦᠸᠧ ᠶᠢᠨ ᠰᠤᠷᠪᠤᠯᠵᠢᠯᠠᠭᠴᠢ ᠳᠤ ᠬᠡᠯᠡᠵᠠᠢ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号