ᠬᠤᠰᠢᠭᠤᠨ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠲᠠᠪᠤᠳᠤᠭᠠᠷ ᠤᠳᠠᠭᠠᠨ ᠤ ᠪᠠᠶᠢᠩᠭᠤ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/26
   ᠬᠤᠰᠢᠭᠤᠨ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠲᠠᠪᠤᠳᠤᠭᠠᠷ ᠤᠳᠠᠭᠠᠨ ᠤ ᠪᠠᠶᠢᠩᠭᠤ ᠤᠨ ᠬᠤᠷᠠᠯ ᠬᠤᠷᠠᠯᠳᠤᠭᠤᠯᠪᠠ    9  ᠰᠠᠷ᠎ᠠ ᠶᠢᠨ 24   ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠨᠠᠮ  ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ  ᠨᠠᠮ ᠤᠨ ᠬᠤᠷᠢᠶ᠎ᠠ ᠲᠠᠪᠤᠳᠤᠭᠠᠷ ᠤᠳᠠᠭᠠᠨ  ᠤ ᠪᠠᠶᠢᠩᠭᠤ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠭᠡᠷ ᠲᠡᠭᠡᠨ ᠪᠠᠶᠢᠭ᠎ᠠ ᠪᠠᠶᠢᠩᠭᠤ ᠤᠨ ᠭᠡᠰᠢᠭᠦᠳ ᠬᠤᠷᠠᠯ  ᠳᠤ ᠤᠷᠤᠯᠴᠠᠪᠠ᠂ ᠬᠤᠰᠢᠭᠤᠨ ᠤᠯᠤᠰ ᠲᠦᠷᠦ ᠤᠨ ᠵᠦᠪᠯᠡᠯ ᠤᠨ ᠲᠡᠷᠢᠭᠦᠯᠦᠭᠴᠢ ᠵᠠᠩ ᠬᠤᠸᠠ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠮᠠ ᠶᠦᠩ ᠭᠠᠩ᠂ ᠰᠢᠶᠧ ᠶᠦᠨ ᠰᠦᠩ᠂ ᠢ ᠰᠢᠦ ᠴᠢᠤᠸᠠᠨ  ᠤᠷᠤᠯᠴᠠᠪᠠ᠃ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠪᠦᠭᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ ᠬᠡᠴᠡᠭᠦᠦ ᠪᠠᠶᠢᠵᠤ᠂ ᠡᠷᠬᠡᠪᠰᠢ ᠪᠠᠴᠢᠮ ᠲᠤᠯᠭᠠᠮ᠎ᠠ ᠰᠡᠳᠬᠢᠯᠭᠡ ᠶᠢ ᠪᠠᠷᠢᠮᠲᠠᠯᠠᠨ ᠱᠠᠯᠠᠮᠠᠭᠠᠶᠢᠯᠠᠨ ᠨᠡᠬᠡᠵᠦ᠂ ᠰᠢᠨ᠎ᠡ ᠨᠢᠭᠡ ᠡᠭᠡᠯᠵᠢ ᠶᠢᠨ ᠥᠷᠢᠰᠥᠯᠳᠦᠭᠡᠨ ᠤ ᠳᠤᠮᠳᠠ ︽ᠪᠦᠰᠡᠯᠡᠯᠲᠡ ᠶᠢ ᠰᠢᠪᠲᠤᠯᠬᠤ︾ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠪᠥᠬᠦ ᠬᠤᠰᠢᠭᠤᠨ ᠤ ᠶᠢᠰᠦᠨ ᠲᠣᠮᠣ ᠭᠤᠤᠯᠯᠠᠬᠤ ᠠᠵᠤ ᠦᠶᠯᠡᠰ ᠤᠨ ᠲᠣᠭᠤᠷᠢᠨ ᠳᠤ ᠣᠲᠣ ᠶᠢᠨ ᠪᠠᠶᠢᠭ᠎ᠠ ᠠᠵᠤ ᠦᠶᠯᠡᠰ ᠤᠨ ᠬᠡᠯᠬᠢᠶ᠎ᠡ ᠶᠢᠨ ᠪᠠᠭᠤᠷᠠᠶ ᠭᠤᠭᠴᠤᠭ᠎ᠠ ᠶᠢ ᠭᠦᠨᠵᠡᠭᠡᠶ ᠰᠤᠳᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢᠨ ᠠᠵᠤ ᠠᠬᠤᠶᠢᠯᠠᠯ ᠪᠠ ᠢᠵᠢ ᠪᠥᠷᠢᠳᠦᠭᠦᠯᠬᠦ ᠠᠵᠤ ᠠᠬᠤᠶᠢᠯᠠᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠲᠦᠭᠵᠢᠷᠡᠯ ᠤᠨ ᠴᠡᠭ ᠢ ᠬᠦᠴᠦᠯᠡᠨ ᠨᠡᠪᠲᠡᠷᠡᠭᠦᠯᠵᠦ᠂ ᠠᠵᠤ ᠦᠶᠯᠡᠰ ᠤᠨ ᠣᠷᠴᠢᠯ ᠢ ᠰᠠᠭᠠᠳ ᠥᠬᠡᠶ ᠨᠡᠪᠲᠡᠷᠡᠭᠦᠯᠵᠦ᠂ ᠠᠵᠤ ᠦᠶᠯᠡᠰ ᠤᠨ ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ ᠪᠦᠯᠦᠭᠯᠡᠨ ᠬᠥᠭᠵᠢᠬᠦ ᠶᠢ ᠳᠥᠯᠭᠢᠨ ᠠᠬᠢᠭᠤᠯᠬᠤ ᠬᠡᠷᠡᠭᠲᠡᠶ᠃ ᠠᠵᠢᠯ ᠤᠨ ᠬᠠᠮᠲᠤᠷᠠᠯ ᠤᠨ ᠬᠦᠴᠦᠨ ᠢ ᠦᠨᠡᠨᠬᠦ ᠪᠦᠷᠢᠯᠳᠦᠭᠦᠯᠵᠦ᠂ ᠪᠦᠬᠦ ᠲᠠᠯ᠎ᠠ ᠶᠢᠨ ᠤᠬᠠᠮᠰᠠᠷ ᠢ ᠪᠠᠬᠢᠵᠢᠭᠦᠯᠵᠦ᠂ ᠬᠠᠮᠵᠢᠯᠴᠠᠨ ᠪᠠᠶᠢᠯᠳᠤᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠲᠠᠶᠢᠴᠢᠯᠠᠵᠥ᠂ ᠳᠣᠲᠣᠭᠠᠳᠤ ᠳᠠᠭᠠᠨ ᠣᠷᠣᠭᠤᠯᠵᠤ ᠭᠠᠳᠠᠭᠠᠳᠤ ᠲᠠᠢ ᠬᠤᠯᠪᠣᠭᠠᠯᠠᠵᠤ᠂ ᠨᠡᠩ ᠤᠯᠠᠨ ᠠᠷᠠᠯᠵᠢᠶᠠᠴᠢᠨ᠂ ᠠᠵᠤ ᠠᠬᠤᠶᠢᠯᠠᠯ ᠤᠨ ᠬᠠᠷᠠᠴᠢᠨ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠴᠢᠬᠤᠯᠴᠢᠯᠠᠭᠰᠡᠨ ᠨᠢ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ  ᠶᠡᠷᠦᠩᠬᠡᠢ ᠱᠦᠵᠢ ᠦᠪᠡᠷ ᠤᠨ ᠪᠡᠶ᠎ᠡ ᠪᠠᠷ ᠢᠶᠠᠨ ᠠᠬᠢᠭᠤᠯᠤᠭᠰᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠂ ᠰᠢ ᠶᠢᠨ ᠫᠢᠩ ᠶᠡᠷᠥᠩᠬᠡᠢ ᠱᠦᠵᠢ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠬᠤ ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠲᠡ ᠪᠣᠯᠤᠨ᠎ᠠ᠂ ᠮᠦᠨ ᠴᠦ ᠤᠢ ᠰᠢᠭᠤᠢ ᠡᠪᠡᠰᠦ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠪᠣᠯᠤᠨ᠎ᠠ᠃ ᠬᠠᠷᠠᠴᠢᠨ ᠬᠤᠰᠢᠭᠤ ᠨᠢ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠᠷ ᠲᠡᠷᠢᠭᠦᠯᠡᠵᠦ ᠪᠠᠶᠢᠭ᠎ᠠ ᠬᠤᠰᠢᠭᠤ ᠰᠢᠶᠠᠨ ᠲᠣᠭᠤᠷᠢᠭ ᠪᠣᠯᠤᠭᠰᠠᠨ ᠤ ᠬᠤᠪᠢ ᠳᠤ᠂ ᠣᠶ ᠰᠢᠭᠤᠶ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠰᠢᠰᠲ᠋ᠧᠮ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠵᠤ᠂ ᠪᠣᠬᠢᠷᠲᠤᠯ ᠥᠬᠡᠶ ᠪᠠᠷ ᠠᠷᠠᠳ ᠢ ᠪᠠᠶᠠᠵᠢᠭᠤᠯᠬᠤ ᠠᠵᠤ ᠦᠶᠯᠡᠰ ᠢ ᠶᠡᠬᠡᠪᠡᠷ ᠬᠥᠭᠵᠢᠭᠦᠯᠦᠨ᠂ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠲᠠ ᠮᠥᠩᠭᠦᠨ ᠠᠭᠤᠯᠠ ᠤᠰᠤ ᠪᠣᠯᠭᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠶ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠴᠢᠭᠯᠡᠯ ᠢᠶᠠᠨ ᠪᠠᠲᠤ ᠡᠵᠡᠮᠳᠡᠨ᠂ ᠲᠠᠩᠰᠠ ᠡᠪᠬᠡᠮᠡᠯ ᠤᠨ ᠠᠵᠢᠯ ᠢ ᠨᠠᠮ ᠳᠤ ᠦᠶᠯᠡᠴᠢᠯᠡᠭᠦᠯᠬᠦ ᠶᠢ ᠪᠠᠷᠢᠮᠲᠠᠯᠠᠵᠤ᠂ ᠲᠡᠤᠬᠡ ᠶᠢ ᠬᠠᠳᠠᠭᠠᠯᠠᠵᠤ ᠦᠨᠳᠦᠰᠦ ᠪᠠᠷᠢᠮᠲᠠ ᠶᠢ ᠦᠯᠡᠳᠡᠭᠡᠬᠦ ᠡᠭᠦᠷᠭᠡ ᠶᠢ ᠰᠠᠶᠢᠲᠤᠷ ᠡᠭᠦᠷᠭᠡᠯᠡᠵᠦ᠂ ᠲᠠᠩᠰᠠ ᠡᠪᠬᠡᠮᠡᠯ ᠤᠨ ᠠᠵᠢᠯ ᠢ ᠵᠥᠪ ᠵᠠᠮ ᠢᠶᠠᠷ ᠤᠷᠤᠭᠰᠢᠯᠠᠭᠤᠯᠬᠤ ᠶᠢ ᠪᠠᠲᠤᠯᠠᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤᠨ ᠤ ᠬᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤᠨ ᠤ ᠬᠡᠳᠦᠨ ᠶᠡᠭᠡ ᠪᠠᠭ ᠤᠨ ᠭᠡᠰᠢᠭᠦᠳ ᠮᠥᠷᠥᠨ ᠳᠡᠭᠡᠷᠡᠬᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠲᠠᠨᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢ ᠳᠠᠭᠠᠭᠤᠯᠤᠨ ᠡᠷᠴᠢ ᠵᠣᠷᠢᠭ ᠢᠶᠠᠨ ᠬᠥᠪᠴᠢᠯᠡᠵᠦ᠂ ᠢᠳᠡᠪᠬᠢᠲᠡᠶ ᠠᠵᠢᠯᠯᠠᠵᠤ᠂ ᠵᠢᠯ ᠤᠨ ᠡᠬᠢᠨ ᠳᠤ ᠲᠣᠭᠲᠠᠭᠠᠭᠰᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠃    ᠬᠤᠷᠠᠯ ᠠᠴᠠ ᠬᠤᠰᠢᠭᠤᠨ ᠤ ᠲᠠᠰ ᠤᠨ ᠬᠤᠪᠢᠳᠠᠨ ᠬᠠᠮᠢᠶᠠᠷᠴᠤ ᠪᠠᠶᠢᠭ᠎ᠠ ᠹᠷᠣᠨᠲ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠶᠠᠪᠤᠳᠠᠯ ᠢ ᠰᠤᠳᠤᠯᠤᠨ ᠶᠠᠷᠢᠯᠴᠠᠪᠠ︔ ︿︿ᠬᠠᠷᠠᠴᠢᠨ ᠬᠤᠰᠢᠭᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ ︵ᠶᠠᠷᠢᠯᠴᠠᠬᠤ ᠨᠤᠤᠷᠠᠭ︶﹀﹀ ᠢ ᠰᠤᠳᠤᠯᠤᠨ ᠬᠢᠨᠠᠨ ᠵᠦᠪᠯᠡᠪᠡ︔ ︿︿ᠤᠯᠤᠰ ᠤᠨ ᠲᠠᠩᠰᠠ ᠡᠪᠬᠡᠮᠡᠯ ᠤᠨ ᠲᠣᠪᠴᠢᠶ᠎ᠠ ᠶᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠴᠣᠬᠤᠯᠠᠪᠤᠷᠢ ᠶᠢ ᠬᠢᠨᠠᠮᠠᠭᠠᠶ ᠰᠤᠷᠤᠯᠴᠠᠨ ᠲᠤᠤᠱᠯᠠᠭᠤᠯᠬᠤ ᠲᠤᠬᠠᠶ ᠮᠡᠳᠡᠭᠳᠡᠯ  ︾ ᠢ ᠤᠯᠠᠮᠵᠢᠯᠠᠨ ᠰᠤᠷᠤᠯᠴᠠᠵᠤ᠂ 9 ᠰᠠᠷ᠎ᠠ ᠶᠢᠨ 3 ᠤ ᠡᠳᠦᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠲᠤᠬᠠᠶ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号