ᠰᠢ ᠶᠢᠨ ᠫᠢᠩ 2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/9/28
ᠰᠢ ᠶᠢᠨ ᠫᠢᠩ 2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ   9 ᠰᠠᠷ᠎ᠠ ᠶᠢᠨ 26 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠡᠤ ᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠲᠣᠭᠠᠴᠢᠯᠠᠭᠰᠠᠨ ᠮᠡᠷᠭᠡᠵᠢᠯ ᠶᠠᠭ ᠰᠢᠨ᠎ᠡ ᠣᠶᠢᠯᠠᠭᠠᠭᠳᠠᠬᠤᠨ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢᠶᠠᠷ ᠬᠥᠮᠦᠨ ᠲᠥᠷᠥᠯᠬᠢᠲᠡᠨ ᠤ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ ᠳᠤ ᠪᠦᠬᠦ ᠲᠠᠯ᠎ᠠ ᠪᠠᠷ ᠠᠭᠤᠰᠤᠯᠴᠠᠵᠤ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠳᠤ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠥᠯᠥᠭᠡ ᠦᠵᠡᠭᠦᠯᠵᠦ ᠪᠠᠶᠢᠨ᠎ᠠ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠲᠤᠬᠢᠶᠠᠯᠳᠤᠭ᠎ᠠ ᠦᠭᠡᠢ ᠬᠤᠪᠢᠷᠠᠯᠲᠠ ᠪᠣᠯᠤᠨ ᠵᠠᠭᠤᠨ ᠵᠢᠯ ᠲᠤᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠵᠤ᠂ ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠯᠴᠠᠨ᠂ ᠮᠡᠳᠡᠭᠡ ᠵᠠᠩᠭᠢᠵᠢᠯᠲᠠ᠂ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠳᠠ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠵᠤ᠂ ᠠᠵᠠ ᠲᠣᠬᠢᠶᠠᠯ ᠢ ᠠᠮᠵᠢᠨ᠂ ᠥᠷᠢᠰᠥᠯᠳᠦᠭᠡᠨ ᠢ ᠠᠷᠭᠠᠴᠠᠭᠠᠬᠤ ᠶᠢ ᠲᠤᠯᠭᠠᠮ ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠡᠦᠬᠡᠲᠦ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠲᠣᠭᠠᠴᠢᠯᠠᠭᠰᠠᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠶᠢ ᠴᠢᠩᠭᠠᠳᠬᠠᠵᠤ᠂ ᠲᠣᠭᠠᠴᠢᠯᠠᠭᠰᠠᠨ ᠨᠡᠶᠢᠭᠡᠮ ᠤᠨ ᠣᠷᠴᠢᠨ ᠢ ᠰᠢᠯᠢᠳᠡᠭᠵᠢᠭᠦᠯᠵᠦ᠂ ᠲᠣᠭᠠᠴᠢᠯᠠᠭᠰᠠᠨ ᠬᠠᠮᠲᠤᠷᠠᠯᠴᠠᠭᠠᠨ ᠤ ᠪᠠᠶᠢᠷᠢᠰᠢᠯ ᠢ ᠪᠠᠶᠢᠭᠤᠯᠵᠤ᠂ ᠲᠣᠭᠠᠴᠢᠯᠠᠭᠰᠠᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠲᠣᠭᠠᠴᠢᠯᠠᠭᠰᠠᠨ ᠪᠣᠯᠪᠠᠰᠤᠨ ᠢᠶᠠᠷ ᠡᠯ᠎ᠡ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠲᠤᠰ ᠡᠳᠦᠷ ᠵᠧᠵᠢᠶᠠᠩ ᠮᠤᠵᠢ ᠶᠢᠨ ᠲᠦᠩᠰᠢᠶᠠᠩ ᠬᠤᠳᠠ ᠶᠢᠨ ᠦ᠋ ᠵᠧᠨ ᠪᠠᠯᠭᠠᠰᠤᠨ ᠳᠤ ᠡᠬᠢᠯᠡᠪᠡ᠂ ︽ᠲᠣᠭᠠᠴᠢᠯᠠᠭᠰᠠᠨ ᠪᠣᠯᠪᠠᠰᠤᠨ ᠤ ᠰᠢᠨ᠎ᠡ ᠴᠠᠭ ᠦᠶ᠎ᠡ ᠲᠡᠶᠢᠰᠢ ᠤᠷᠤᠭᠰᠢᠯᠠᠶ᠎ᠠ — ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠭᠠᠷ ᠬᠤᠯᠪᠣᠯᠴᠠᠨ ᠪᠠᠶᠢᠭᠤᠯᠤᠨ᠎ᠠ︾ ᠬᠡᠳᠡᠭ ᠢᠶᠠᠷ ᠭᠤᠣᠯ ᠰᠡᠳᠦᠪ ᠪᠤᠯᠭᠠᠵᠠᠢ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠪᠣᠯᠤᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠬᠢᠯᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号