︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠤᠨ ᠶᠡᠭᠡ ᠬᠤᠷᠠᠯ ᠳᠤ ᠠᠩᠬᠠᠷᠤᠯ ᠢᠶᠠᠨ ᠲᠦᠪᠯᠡᠷᠡᠭᠦᠯᠪᠡ︾    ᠨᠢᠤ ᠵᠢᠶᠠ ᠢᠩᠽᠢ ᠶᠢᠨ ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠣᠷᠣᠪᠠ
ᠨᠡᠶᠢᠲᠡᠯᠡᠭᠰᠡᠨ ᠴᠠᠭ᠄
2021/9/29
︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠤᠨ ᠶᠡᠭᠡ ᠬᠤᠷᠠᠯ ᠳᠤ ᠠᠩᠬᠠᠷᠤᠯ ᠢᠶᠠᠨ ᠲᠦᠪᠯᠡᠷᠡᠭᠦᠯᠪᠡ︾    ᠨᠢᠤ ᠵᠢᠶᠠ ᠢᠩᠽᠢ ᠶᠢᠨ ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠣᠷᠣᠪᠠ

    ︽ᠨᠢᠤ ᠵᠢᠶᠠ ᠢᠩᠽᠢ ᠶᠢᠨ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠡᠦᠬᠡ ᠨᠢ ᠥᠨᠢ ᠤᠳᠠᠭᠠᠨ ᠪᠠᠶᠢᠵᠤ᠂

ᠲᠠᠷᠢᠮᠠᠯ ᠤᠨ ᠲᠠᠯᠠᠪᠠᠢ ᠨᠢ ᠲᠠᠰᠤᠷᠠᠯᠲᠠ ᠦᠭᠡᠢ ᠨᠡᠮᠡᠭᠳᠡᠵᠦ ᠪᠤᠢ᠃ ᠨᠢᠤ ᠵᠢᠶᠠ ᠢᠩᠽᠢ ᠶᠢᠨ ᠲᠠᠷᠢᠬᠰᠠᠨ ᠲᠠᠯᠠᠪᠠᠢ

ᠤᠳᠤ ᠨᠠᠢᠮᠠᠨ ᠲᠦᠮᠡ ᠭᠠᠷᠤᠢ ᠮᠦ ᠳᠤ ᠬᠦᠷᠴᠦ᠂ ᠡᠷᠬᠢᠨ ᠲᠣᠭᠤᠷᠢᠨ ᠤ ᠭᠠᠵᠠᠷ ᠣᠷᠣᠨ ᠢ ᠲᠠᠶᠢᠴᠢᠯᠠᠨ ᠭᠤᠴᠢ

ᠭᠠᠷᠤᠢ ᠲᠦᠮᠡᠨ ᠮᠦ ᠳᠤ ᠬᠦᠷᠴᠦ᠂ ᠲᠦᠷᠦᠯ ᠵᠦᠢᠯ ᠨᠢ ᠲᠠᠰᠤᠷᠠᠯᠳᠡ ᠦᠭᠡᠢ ᠨᠡᠮᠡᠭᠳᠡᠵᠤ ᠪᠤᠢ᠃ ᠤᠮᠠᠷᠠᠲᠤ ᠶᠢᠨ

ᠣᠷᠬᠤᠳᠠᠶ ᠶᠢᠨ ᠲᠠᠷᠢᠮᠠᠯ ᠤᠨ ᠲᠠᠯᠠᠪᠠᠢ ᠲᠦᠮᠡ ᠲᠠᠪᠤᠨ ᠮᠢᠩᠭᠠᠨ ᠮᠦ ᠪᠠᠶᠢᠵᠤ᠂ ᠪᠦᠬᠦ ᠤᠯᠤᠰ ᠤᠨ ᠲᠠᠷᠢᠮᠠᠯ ᠤᠨ

ᠲᠠᠯᠠᠪᠠᠢ ᠶᠢᠨ ᠵᠠᠭᠤᠨ ᠤ ᠨᠠᠶᠠᠨ ᠲᠠᠪᠤ ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ︔ ᠬᠤᠷᠳᠤᠨ ᠴᠠᠭᠠᠨ ᠤ ᠲᠠᠷᠢᠬᠤ

ᠲᠠᠯᠠᠪᠠᠢ ᠨᠢ ᠲᠦᠷᠪᠡᠨ ᠲᠦᠮᠡ ᠲᠠᠪᠤᠨ ᠮᠢᠩᠭᠠᠨ ᠮᠦ ᠪᠠᠶᠢᠵᠤ᠂ ᠪᠦᠬᠦ ᠤᠯᠤᠰ ᠤᠨ ᠬᠢᠲᠠᠳ ᠡᠮ ᠤᠨ

ᠮᠠᠲ᠋ᠧᠷᠢᠶᠠᠯ ᠤᠨ ᠲᠠᠷᠢᠬᠤ ᠲᠠᠯᠠᠪᠠᠢ ᠶᠢᠨ ᠵᠠᠭᠤᠨ ᠤ ᠵᠢᠷᠠᠨ ᠲᠠᠪᠤ ᠠᠴᠠ ᠳᠡᠭᠡᠭᠰᠢᠬᠢ ᠶᠢ ᠡᠵᠡᠯᠡᠵᠦ᠂ ᠡᠮ ᠤᠨ

ᠮᠠᠲ᠋ᠧᠷᠢᠶᠠᠯ ᠤᠨ ᠦᠢᠯᠡᠳᠬᠦᠨ ᠤ ᠦᠷᠳᠡᠭ ᠨᠢ ᠠᠷᠪᠠᠨ ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠡᠶ᠃

ᠣᠳᠣ ᠶᠠᠭ ᠰᠠᠶᠢᠬᠠᠨ ᠡᠮ ᠤᠨ ᠮᠠᠲ᠋ᠧᠷᠢᠶᠠᠯ ᠤᠨ ᠨᠠᠮᠤᠷ ᠤᠨ ᠬᠤᠷᠢᠶᠠᠯᠲᠠ ᠶᠢᠨ ᠤᠯᠠᠷᠢᠯ ᠪᠣᠯᠵᠤ᠂ ᠠᠷᠠᠳ ᠢᠷᠭᠡᠳ

ᠠᠵᠢᠯ ᠳᠤ ᠭᠠᠷᠪᠠᠯ ᠡᠳᠦᠷ ᠲᠤ 160 ᠲᠥᠭᠦᠷᠢᠭ‌ᠡᠴᠡ ᠳᠡᠭᠡᠭᠰᠢ ᠵᠣᠭᠤᠰ ᠣᠯᠵᠤ᠂ ᠭᠠᠴᠠᠭᠠᠨ ᠤ ᠠᠷᠠᠳ ᠤᠨ ᠭᠡᠷ

ᠪᠦᠯᠢ ᠶᠢᠨ ᠣᠷᠣᠯᠭ᠎ᠠ ᠶᠢ ᠨᠡᠮᠡᠭᠳᠡᠭᠦᠯᠵᠦ᠂ ᠨᠢᠭᠡ ᠬᠡᠰᠡᠭ ᠬᠥᠳᠡᠯᠮᠦᠷᠢ ᠬᠦᠴᠦᠨ ᠤ ᠳᠠᠬᠢᠨ ᠠᠵᠢᠯ ᠤᠯᠬᠤ

ᠠᠰᠠᠭᠤᠳᠠᠯ ᠢ ᠰᠢᠶᠳᠪᠦᠷᠢᠯᠡᠭᠰᠡᠨ ᠪᠠᠶᠢᠨ᠎ᠠ︾  ᠭᠡᠵᠦ ᠨᠢᠦ ᠵᠢᠶᠠ ᠢᠩᠽᠢ ᠲᠣᠰᠬᠤᠨ ᠤ ᠨᠠᠮ ᠤᠨ ᠶᠡᠷᠦᠩᠬᠡᠢ

ᠡᠭᠦᠷ ᠤᠨ ᠱᠦᠵᠢ ᠰᠢᠤᠢ ᠹᠦ᠋ ᠳ᠋ᠦᠩ ᠰᠤᠷᠪᠤᠯᠵᠢᠯᠠᠭᠴᠢ ᠳᠤ ᠬᠡᠯᠡᠪᠡ᠃

    ᠨᠢᠤ ᠵᠢᠶᠠ ᠢᠩᠽᠢ ᠶᠢᠨ ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠢ 1991 ᠣᠨ ᠤ 11

ᠰᠠᠷ᠎ᠠ ᠠᠴᠠ ᠡᠬᠢᠯᠡᠨ ᠪᠠᠶᠢᠭᠤᠯᠵᠤ᠂ 2003 ᠣᠨ ᠳᠤ ᠣᠯᠠᠨ ᠲᠦᠮᠡᠨ ᠪᠠ ᠣᠷᠣᠨ ᠨᠤᠲᠤᠭ ᠤᠨ ᠬᠢᠨ 600

ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠤᠨ ᠥᠷᠭᠡᠳᠬᠡᠨ ᠪᠠᠶᠢᠭᠤᠯᠵᠤ᠂ ᠬᠢᠲᠠᠳ ᠮᠣᠩᠭᠤᠯ ᠡᠮ ᠤᠨ

ᠮᠠᠲ᠋ᠧᠷᠢᠶᠠᠯ ᠤᠨ ᠲᠤᠰᠬᠠᠶ ᠵᠠᠬ᠎ᠠ ᠳᠡᠯᠭᠡᠭᠦᠷ ᠤᠨ ᠪᠠᠷᠢᠯᠭ᠎ᠠ ᠶᠢᠨ ᠲᠠᠯᠠᠪᠠᠶ ᠶᠢ 2.1 ᠲᠦᠮᠡᠨ ᠲᠡᠭᠰᠢ ᠳᠥᠷᠪᠡᠯᠵᠢᠨ

ᠮᠧᠲᠷ ᠲᠤ ᠬᠦᠷᠭᠡᠪᠡ᠃ ᠵᠠᠬ᠎ᠠ ᠳᠡᠯᠭᠡᠭᠦᠷ ᠲᠤ ᠡᠵᠡᠩᠨᠡᠵᠦ ᠪᠠᠶᠢᠭ᠎ᠠ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ

ᠲᠣᠭᠲᠠᠮᠠᠯ ᠬᠤᠳᠠᠯᠳᠤᠭᠠᠨ ᠤ ᠡᠷᠦᠬᠡ 120 ᠭᠠᠷᠤᠶ ᠪᠣᠯᠪᠠ᠃

    ᠲᠢᠶᠠᠨ ᠽᠧ ᠲᠠᠷᠢᠮᠠᠯ ᠤᠨ ᠲᠤᠰᠬᠠᠢ ᠬᠤᠷᠰᠢᠶ᠎ᠠ ᠴᠤ ᠨᠢᠦ ᠵᠢᠶᠠ ᠶᠢᠩᠽᠢ ᠶᠢᠨ ᠬᠢᠲᠠᠳ ᠡᠮ ᠤᠨ

ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠪᠤᠢ᠃ ᠬᠠᠷᠢᠭᠤᠴᠠᠯᠭᠠᠲᠠᠨ ᠯᠢ ᠲᠤᠤ ᠰᠤᠷᠪᠤᠯᠵᠢᠯᠠᠭᠴᠢ ᠳᠤ ᠬᠡᠯᠡᠬᠦ ᠳᠡᠭᠡᠨ᠂

︽ᠮᠠᠨ ᠤ ᠨᠢᠦ ᠵᠢᠶᠠ ᠶᠢᠩᠽᠢ ᠣᠷᠣᠨ ᠤ ᠤᠮᠠᠷᠠᠲᠤ ᠣᠷᠬᠤᠳᠠᠢ ᠶᠢᠨ ᠰᠢᠨ᠎ᠡ ᠭᠠᠷᠤᠯᠲᠠ ᠠᠷᠭ᠎ᠠ ᠶᠢᠨ ᠤᠯᠠᠷᠢᠯ ᠤᠨ

9 ᠰᠠᠷ᠎ᠠ ᠶᠢᠨ 10 ᠤ ᠡᠳᠦᠷ ᠠᠴᠠ 10 ᠰᠠᠷ᠎ᠠ ᠶᠢᠨ 10 ᠤ ᠡᠳᠦᠷ ᠬᠦᠷᠲᠡᠯᠡᠬᠢ ᠬᠤᠭᠤᠴᠠᠭᠠᠨ ᠳᠤ ᠪᠤᠢ᠂

ᠤᠯᠠᠭᠠᠨᠬᠠᠳᠠ ᠶᠢᠨ ᠨᠢᠦ ᠵᠢᠶᠠ ᠢᠩᠽᠢ ᠣᠷᠣᠨ ᠤ ᠵᠢᠯ ᠤᠨ ᠭᠠᠷᠤᠯᠲᠠ ᠲᠦᠷᠪᠡᠨ ᠮᠢᠩᠭᠠᠨ ᠲᠣᠨ ᠣᠷᠴᠢᠮ ᠪᠠᠶᠢᠵᠤ

᠂ ᠮᠠᠨ ᠤ ᠬᠤᠷᠰᠢᠶ᠎ᠠ ᠶᠢᠨ ᠨᠢᠭᠡ ᠵᠢᠯ ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠨᠢ ᠬᠤᠶᠠᠷ ᠵᠠᠭᠤᠨ ᠲᠣᠨ ᠣᠷᠴᠢᠮ

ᠪᠠᠶᠢᠵᠤ᠂ ᠠᠷᠠᠯᠵᠢᠶᠠᠨ ᠤ ᠬᠡᠮᠵᠢᠶ᠎ᠡ ᠨᠢ ᠨᠠᠢᠮᠠᠨ ᠵᠠᠭᠤᠨ ᠲᠦᠮᠡ ᠠᠴᠠ ᠮᠢᠩᠭᠠᠨ ᠲᠦᠮᠡᠨ ᠲᠥᠭᠦᠷᠢᠭ ᠲᠤ ᠬᠦᠷᠴᠦ᠂

ᠭᠤᠣᠯᠳᠠᠭᠤ ᠭᠤᠸᠠᠩᠵᠧᠦ᠂ ᠠᠨᠾᠦ᠋ᠢ ᠶᠢᠨ ᠪᠥᠸᠧ ᠵᠧᠦ᠂ ᠾᠧᠪᠸᠢ ᠶᠢᠨ ᠠᠨ ᠭᠦᠸᠧ ᠵᠢᠴᠢ ᠪᠦᠬᠦ ᠤᠯᠤᠰ ᠤᠨ

ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ︾  ᠭᠡᠪᠡ᠃

    ᠣᠳᠣᠬᠠᠨ ᠳᠤ᠂ ᠨᠢᠦ ᠵᠢᠶᠠ ᠢᠩᠽᠢ ᠪᠠᠯᠭᠠᠰᠤᠨ ᠤ ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠭᠠᠵᠠᠷ

ᠰᠢᠷᠣᠶ ᠶᠢᠨ ᠬᠥᠷᠥᠩᠭᠡ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠦᠲᠦᠭᠡᠭᠳᠡᠬᠦᠨ ᠢ ᠾᠧᠪᠸᠢ ᠮᠤᠵᠢ ᠶᠢᠨ

ᠠᠨ ᠭᠦᠸᠧ᠂ ᠠᠨᠾᠦ᠋ᠢ ᠮᠤᠵᠢ ᠶᠢᠨ ᠪᠥᠸᠧ ᠵᠸᠤ ᠵᠡᠷᠭᠡ ᠤᠯᠤᠰ ᠤᠨ ᠳᠣᠲᠣᠭᠠᠳᠤ ᠶᠢᠨ ᠡᠯ᠎ᠡ ᠲᠣᠮᠣ ᠬᠢᠲᠠᠳ

ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠪᠠ ᠬᠢᠲᠠᠳ ᠡᠮ ᠤᠨ ᠡᠮ ᠦᠶᠯᠡᠳᠬᠦ ᠠᠵᠤ ᠠᠬᠤᠶᠢᠯᠠᠯ ᠳᠤ

ᠪᠣᠷᠣᠯᠠᠭᠤᠯᠵᠤ ᠪᠠᠶᠢᠨ᠎ᠠ᠃ ᠣᠲᠣ ᠨᠢᠭᠡᠨᠲᠡ ᠮᠠᠨ ᠤ ᠤᠯᠤᠰ ᠤᠨ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ

ᠬᠢᠲᠠᠳ ᠡᠮ ᠤᠨ ᠮᠠᠲ᠋ᠧᠷᠢᠶᠠᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠪᠠ ᠳᠠᠮᠵᠢᠭᠤᠯᠬᠤ ᠥᠷᠲᠡᠭᠡ ᠪᠣᠯᠵᠣ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠵᠣᠬᠢᠬᠤ ᠨᠥᠯᠥᠭᠡᠯᠡᠬᠦ ᠬᠦᠴᠦᠨ ᠲᠠᠢ

ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠪᠣᠯᠤᠭᠰᠠᠨ ᠪᠠᠶᠢᠨ᠎ᠠ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号