ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2021/9/8
   ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠢ ᠪᠤᠯᠭᠤᠭᠠᠨ ᠲᠤᠬᠤᠨᠢᠭᠤᠯᠪᠠ
   8 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠶᠢᠨ ᠱᠠᠨ ᠳᠤᠮᠳᠠᠳᠤ ᠰᠤᠷᠭᠠᠭᠤᠯᠢ᠂ ᠶᠢᠨ ᠱᠠᠨ ᠭᠤᠷᠪᠠᠳᠤᠭᠠᠷ ᠳᠤᠮᠳᠠᠳᠤ ᠰᠤᠷᠭᠠᠭᠤᠯᠢ᠂ ᠸᠠᠩ ᠤᠨ ᠣᠷᠳᠣᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠢ ᠲᠣᠬᠤᠨᠢᠭᠤᠯᠵᠤ᠂ ᠲᠡᠳᠡ ᠨᠠᠷ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃ ᠪᠥᠬᠦ ᠬᠤᠰᠢᠭᠤᠨ ᠤ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠦᠭᠡᠯ ᠳᠡᠪᠰᠢᠭᠦᠯᠦᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ ᠪᠠᠷ᠎ᠠ ᠪᠣᠯᠪᠠ᠃
     ᠠᠶᠢᠯᠠᠴᠢᠯᠠᠨ ᠲᠤᠬᠤᠨᠢᠭᠤᠯᠬᠤ ᠶᠠᠪᠤᠴᠠ ᠳᠤ᠂ ᠹᠠᠩ ᠷᠦᠢ ᠠᠵᠢᠯ ᠠᠴᠠ ᠪᠠᠨ ᠠᠮᠠᠷᠠᠭᠰᠠᠨ ᠪᠠᠭᠰᠢ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠡᠳᠡᠨ ᠤ ᠤᠯᠠᠨ ᠵᠢᠯ ᠤᠨ ᠲᠤᠷᠰᠢᠬᠢ ᠰᠤᠷᠭᠠᠨ ᠬᠥᠮᠦᠵᠢᠯ ᠤᠨ ᠦᠢᠯᠡᠰ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
       ᠹᠠᠩ ᠷᠦᠢ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ︔ ᠪᠠᠭᠰᠢ ᠪᠣᠯ ᠰᠤᠷᠭᠠᠨ ᠬᠥᠮᠦᠵᠢᠯ ᠢ ᠪᠤᠢ ᠪᠣᠯᠭᠠᠬᠤ ᠶᠢᠨ ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠃ ᠠᠵᠢᠯ ᠠᠴᠠ ᠪᠠᠨ ᠠᠮᠠᠷᠠᠭᠰᠡᠨ ᠪᠠᠭᠰᠢ ᠨᠠᠷ ᠳᠠᠪᠠᠭᠤᠯᠢᠭ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂  ᠵᠠᠯᠠᠭᠤ ᠠᠬᠠᠮᠠᠳ ᠪᠠᠭᠰᠢ ᠶᠢᠨ ︽ᠤᠯᠠᠮᠵᠢᠯᠠᠬᠤ ᠬᠠᠪᠰᠤᠷᠬᠤ ᠳᠠᠭᠠᠭᠤᠯᠬᠤ ︾ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠦᠶᠯᠡᠰ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠶ ᠭᠡᠵᠠᠢ᠃
   ᠹᠠᠩ ᠷᠦᠢ ᠴᠢᠩᠭᠠᠳᠬᠠᠭᠰᠡᠨ ᠨᠢ᠂ ᠬᠤᠰᠢᠭᠤᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠰᠤᠷᠭᠠᠨ ᠬᠦᠮᠦᠵᠢᠯ ᠤᠨ ᠠᠵᠢᠯ ᠶᠢ ᠴᠢᠬᠤᠯᠴᠢᠯᠠᠵᠤ᠂ ᠬᠠᠷᠠᠴᠢᠨ ᠬᠤᠰᠢᠭᠤᠨ ᠤ ᠰᠤᠷᠭᠠᠨ ᠬᠦᠮᠦᠵᠢᠯ ᠤᠨ ᠬᠢᠷᠢ ᠲᠦᠪᠰᠢᠨ  ᠶᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠠᠷᠠᠳ ᠲᠦᠮᠡᠨ ᠰᠡᠳᠬᠢᠯ ᠳᠤ ᠨᠡᠶᠢᠴᠡᠭᠰᠡᠨ ᠰᠤᠷᠭᠠᠨ ᠬᠦᠮᠦᠵᠢᠯ ᠢ ᠰᠠᠶᠢᠲᠤᠷ ᠡᠷᠬᠢᠯᠡᠬᠦ ᠬᠡᠷᠡᠭᠲᠠᠢ᠃ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠪᠠᠭᠰᠢ ᠨᠠᠷ ᠢ ᠰᠡᠳᠬᠢᠯ ᠢᠶᠠᠷ  ᠢᠶᠠᠨ ᠬᠠᠯᠠᠮᠵᠢᠯᠠᠵᠤ᠂ ᠰᠤᠷᠭᠠᠨ ᠬᠦᠮᠦᠵᠢᠯ ᠤᠨ ᠦᠢᠯᠡᠰ ᠢ ᠳᠡᠮᠵᠢᠵᠤ᠂ ᠨᠡᠶᠢᠭᠡᠮ ᠳᠠᠶᠠᠭᠠᠷ ᠲᠤ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ᠃ ᠥᠷᠭᠡᠨ ᠤᠯᠠᠨ ᠪᠠᠭᠰᠢ ᠶᠢ ᠬᠦᠳᠦᠯᠦᠨ ᠵᠢᠯᠣᠭᠤᠳᠴᠤ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠤᠬ ᠰᠠᠨᠠᠭ᠎ᠠ ᠶᠢ ᠦᠯᠦ ᠮᠠᠷᠲᠠᠵᠤ᠂ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠭᠦᠯᠬᠦ ᠬᠡᠷᠡᠭᠲᠡᠢ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠷᠭ᠎ᠠ ᠶᠢ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠵᠦ᠂ ᠬᠦᠴᠦᠨ ᠴᠢᠳᠠᠯ ᠢᠶᠠᠨ ᠡᠷᠭᠦᠬᠦ ᠬᠡᠷᠡᠭᠲᠠᠢ ᠭᠡᠵᠠᠢ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号