ᠬᠠᠷᠠᠴᠢᠨ ᠬᠤᠰᠢᠭᠤᠨ ᠤ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠨᠠᠮ ᠤᠨ ᠲᠡᠸ᠋ᠬᠡ ᠶᠢᠨ ᠰᠤᠷᠤᠯᠴᠠᠯᠭ᠎ᠠ ᠬᠥᠮᠦᠵᠢᠯ ᠤᠨ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/9
    ᠬᠠᠷᠠᠴᠢᠨ ᠬᠤᠰᠢᠭᠤᠨ ᠤ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠨᠠᠮ ᠤᠨ ᠲᠡᠸ᠋ᠬᠡ ᠶᠢᠨ ᠰᠤᠷᠤᠯᠴᠠᠯᠭ᠎ᠠ ᠬᠥᠮᠦᠵᠢᠯ ᠤᠨ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ

    9 ᠰᠠᠷ᠎ᠠ ᠶᠢᠨ 3 ᠤ ᠡᠳᠦᠷ᠂ ᠬᠠᠷᠠᠴᠢᠨ ᠬᠤᠰᠢᠭᠤᠨ ᠤ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ

ᠠᠬᠢᠭᠤᠯᠬᠤ ᠲᠣᠪᠴᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠺᠠᠳ᠋ᠷᠴᠤᠳ ᠤᠨ ᠶᠠᠷᠢᠯᠴᠠᠬᠤ

ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃

    ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠡᠩ ᠲᠡᠷᠢᠭᠦᠨ ᠳᠤ

ᠤᠨᠤᠯ ᠪᠠ ᠪᠣᠳᠠᠲᠤ ᠠᠬᠤᠢ ᠬᠤᠶᠠᠷ ᠲᠠᠯ᠎ᠠ ᠠᠴᠠ ᠲᠤᠰ ᠤᠳᠠᠭᠠᠨ ᠤ ᠶᠠᠷᠢᠯᠴᠠᠬᠤ ᠬᠤᠷᠠᠯ ᠤᠨ ᠠᠴᠢ ᠬᠤᠯᠪᠣᠭᠳᠠᠯ ᠢ

ᠲᠠᠨᠢᠯᠴᠠᠭᠤᠯᠪᠠ᠃ ᠶᠠᠷᠢᠯᠴᠠᠬᠤ ᠬᠤᠷᠠᠯ ᠤᠨ ᠬᠡᠯᠪᠡᠷᠢ ᠨᠢ ᠰᠢᠨ᠎ᠡ ᠰᠣᠷᠭᠤᠭ ᠪᠥᠭᠡᠳ ᠠᠮᠢᠳᠤᠯᠢᠭ ᠪᠠᠶᠢᠵᠤ᠂

ᠺᠠᠳ᠋ᠷᠴᠤᠳ ᠤᠨ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ ᠴᠢᠳᠠᠨ᠎ᠠ᠂ ᠤᠳᠤᠷᠢᠳᠬᠤ

ᠺᠠᠳ᠋ᠷᠴᠤᠳ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠰᠢ ᠶᠢᠨ ᠫᠢᠩ ᠶᠡᠷᠦᠩᠬᠡᠶ

ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠣᠶᠢᠯᠠᠭᠠᠵᠤ ᠡᠵᠡᠮᠰᠢᠬᠦ ᠳᠤ ᠲᠤᠰᠠᠲᠠᠶ᠃ ᠳᠠᠷᠠᠭ᠎ᠠ ᠨᠢ᠂

ᠬᠤᠷᠠᠯ ᠳᠤ ᠤᠷᠤᠯᠴᠠᠭᠰᠡᠨ ᠨᠦᠬᠦᠦᠨ ᠤᠳ ᠲᠠᠢ ᠬᠠᠮᠲᠤ ᠠᠳᠠᠯᠢ ᠪᠤᠰᠤ ᠲᠠᠯ᠎ᠠ ᠠᠴᠠ ᠨᠢᠭᠡᠳ ᠨᠢᠭᠡ ᠪᠠᠷ ᠶᠠᠷᠢᠶ᠎ᠠ

ᠲᠠᠯᠪᠢᠵᠤ ᠰᠠᠨᠠᠯ ᠢᠶᠠᠨ ᠰᠣᠯᠢᠯᠴᠠᠪᠠ᠃

ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠨᠠᠮ ᠤᠨ

ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠳᠥᠯᠭᠢᠨ ᠠᠬᠢᠭᠤᠯᠬᠤ ᠳᠤ᠂ ᠶᠡᠷᠦᠩᠬᠡᠶ ᠱᠦᠵᠢ ᠰᠢ ᠶᠢᠨ ᠫᠢᠩ ︽

ᠲᠡᠤᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠤᠬᠡ ᠶᠢ ᠰᠤᠷᠤᠯᠴᠠᠵᠤ  ᠢᠲᠡᠭᠡᠯ ᠪᠠᠨ ᠨᠡᠮᠡᠭᠳᠡᠭᠦᠯᠬᠦ᠂

ᠲᠡᠤᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠤᠬᠡ ᠶᠢ ᠰᠤᠷᠤᠯᠴᠠᠵᠤ  ᠴᠢᠷᠮᠠᠶᠢᠨ

ᠦᠢᠯᠡᠳᠦᠯᠭᠡᠵᠢᠭᠦᠯᠬᠦ︾ ᠶᠡᠷᠦᠩᠬᠡᠶ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠤᠶᠢᠯᠭᠠᠵᠤ᠂ ᠨᠠᠮ ᠤᠨ

ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ

ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠦᠬᠦ ᠶᠢ ᠲᠠᠰᠤᠷᠠᠯᠲᠠ ᠦᠭᠡᠢ ᠬᠥᠲᠥᠯᠥᠨ ᠵᠢᠯᠣᠭᠤᠳᠴᠤ᠂ ᠢᠯᠠᠩᠭᠤᠶ᠎ᠠ ︽

ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠳᠤᠮᠳᠠ᠂ ᠲᠤᠰ ᠪᠡᠶ᠎ᠡ ᠶᠢᠨ

ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ

ᠭᠡᠰᠢᠭᠦᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠦᠨᠡᠨᠬᠦ ᠤᠯᠠᠨ ᠲᠦᠮᠡᠨ ᠢ ᠬᠠᠪᠰᠤᠷᠤᠨ

ᠤᠴᠢᠷ ᠶᠠᠪᠤᠳᠠᠯ ᠢ ᠰᠢᠢᠳᠪᠦᠷᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠮ ᠪᠣᠯᠤᠨ ᠤᠯᠠᠨ ᠲᠦᠮᠡᠨ ᠤ

ᠰᠡᠳᠬᠢᠯ ᠵᠢᠷᠦᠬᠡ ᠶᠢ ᠨᠢᠭᠲᠠ ᠬᠤᠯᠪᠣᠬᠤ ᠬᠡᠷᠡᠭᠲᠡᠢ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号