ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/1
ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ    12 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠵᠢᠨᠱᠠᠨ ᠳᠤ ᠬᠤᠷᠠᠯᠳᠤᠪᠠ᠃    ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 37 ᠬᠥᠮᠦᠨ᠂ ᠣᠷᠣᠯᠠᠭᠴᠢ ᠭᠡᠰᠢᠭᠦᠨ 7 ᠬᠥᠮᠦᠨ ᠣᠷᠣᠯᠴᠠᠵᠠᠶ᠃ ᠬᠤᠰᠢᠭᠤᠨ ᠬᠠᠮᠢᠶ᠎ᠠ ᠪᠥᠬᠦᠶ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠰᠠᠯᠠᠭ᠎ᠠ ᠮᠦᠴᠢᠷ ᠶᠢᠨ ᠬᠠᠷᠢᠭᠤᠴᠠᠯᠭᠠᠲᠠᠨ ᠨᠥᠬᠦᠳ᠂ ᠬᠤᠰᠢᠭᠤᠨ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠬᠡᠰᠡᠭ ᠨᠠᠮ ᠤᠨ ᠲᠥᠯᠥᠭᠡᠯᠡᠭᠴᠢ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠶᠠᠷᠢᠶ᠎ᠠ ᠲᠠᠯᠪᠢᠵᠠᠶ᠃ ᠪᠥᠬᠦᠳᠡ ᠬᠤᠷᠠᠯ ᠠᠴᠠ ᠹᠠᠩ ᠷᠦᠢ ᠨᠥᠬᠦᠷ ᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2021 ᠣᠨ ᠤ ᠠᠵᠤ ᠠᠬᠤᠶ ᠶᠢᠨ ᠠᠵᠢᠯ ᠢ ᠡᠷᠭᠢᠴᠡᠭᠦᠯᠵᠦ᠂ 2022 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠬᠢᠨᠠᠨ ᠵᠥᠪᠯᠡᠵᠦ ᠪᠠᠲᠤᠯᠠᠪᠠ᠃    ᠪᠥᠬᠦᠳᠡ ᠬᠤᠷᠠᠯ ᠠᠴᠠ 2021 ᠣᠨ ᠤ ᠪᠦᠭᠦ ᠬᠤᠰᠢᠭᠤᠨ ᠤ ᠠᠵᠤ ᠠᠬᠤᠶ ᠶᠢᠨ ᠠᠵᠢᠯ ᠢ ᠭᠦᠢᠴᠡᠳ ᠨᠤᠲᠠᠯᠠᠵᠠᠶ᠃ ᠰᠠᠨᠠᠯ ᠨᠢᠭᠡᠲᠡᠶ ᠦᠵᠡᠭᠰᠡᠨ ᠨᠢ᠂ ᠬᠤᠰᠢᠭᠤᠨ ᠤ ᠨᠠᠮ ᠤᠨ ᠬᠤᠷᠢᠶ᠎ᠠ ᠰᠢᠨ᠎ᠡ ᠦᠵᠡᠯ ᠰᠠᠨᠠᠭ᠎ᠠ ᠪᠠᠷ ᠬᠠᠨᠳᠤᠯᠭ᠎ᠠ ᠲᠠᠢ ᠪᠠᠷ ᠵᠠᠮᠴᠢᠯᠠᠬᠤ ᠶᠢ ᠪᠠᠷᠢᠮᠲᠠᠯᠠᠵᠤ᠂ ᠰᠢᠨ᠎ᠡ ᠣᠶᠢᠯᠠᠭᠠᠭᠳᠠᠬᠤᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠵᠤ᠂ ᠰᠢᠰᠲ᠋ᠧᠮᠲᠦ ᠰᠡᠳᠬᠢᠬᠦᠢ ᠪᠠᠷ ᠪᠦᠬᠦ ᠲᠠᠯ᠎ᠠ ᠶᠢ ᠲᠥᠯᠥᠪᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠤᠳᠠ ᠬᠥᠳᠡᠭᠡ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠩᠭᠤᠢ ᠬᠥᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃    ᠪᠥᠬᠦᠳᠡ ᠬᠤᠷᠠᠯ ᠠᠴᠠ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠠᠶ ᠣᠷᠴᠢᠨ ᠲᠣᠭᠤᠷᠢᠨ ᠪᠣᠯᠤᠨ ᠬᠦᠨᠳᠦ ᠬᠡᠴᠡᠭᠦᠦ ᠪᠠᠶᠢᠳᠠᠯ ᠢ ᠭᠦᠨᠵᠡᠭᠡᠶ ᠵᠠᠳᠠᠯᠵᠤ᠂ ᠬᠥᠭᠵᠢᠯᠲᠡ ᠶᠢᠨ ᠠᠵᠠ ᠲᠣᠬᠢᠶᠠᠯ ᠪᠣᠯᠤᠨ ᠠᠰᠢᠭᠲᠠᠶ ᠬᠦᠴᠦᠨ ᠵᠦᠢᠯ ᠢ ᠡᠷᠬᠡᠪᠰᠢ ᠪᠠᠲᠤ ᠡᠵᠡᠮᠳᠡᠨ᠂ ᠤᠯᠤᠰ ᠤᠨ ᠬᠡᠷᠡᠭᠵᠢᠭᠦᠯᠵᠦ ᠪᠠᠶᠢᠭ᠎ᠠ ᠲᠣᠭᠲᠠᠭᠤᠨ ᠨᠡᠮᠡᠭᠳᠡᠯ ᠤᠨ ᠲᠤᠬᠠᠶ ᠠᠯᠢ ᠤᠯᠠᠨ ᠳᠦᠷᠦ ᠶᠢᠨ ᠪᠤᠲᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠪᠠᠶᠢᠳᠠᠯ ᠢ ᠠᠰᠢᠭᠯᠠᠨ ᠬᠦᠴᠦᠯᠡᠵᠦ᠂ ᠪᠠᠶᠢᠳᠠᠯ ᠢ ᠠᠮᠵᠢᠨ ᠤᠷᠤᠭᠰᠢᠯᠠᠵᠤ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠢᠶᠠᠷ ᠠᠯᠤᠰ ᠢ ᠵᠣᠷᠢᠨ ᠤᠷᠤᠭᠰᠢᠯᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠶ᠃    ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠢᠷᠡᠬᠦ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠵᠦ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠡᠷᠬᠡᠪᠰᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠴᠢᠬᠤᠯᠠᠴᠢᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠬᠡᠷᠡᠭᠲᠡᠶ᠂ ᠡᠷᠬᠡᠪᠰᠢ ᠭᠤᠣᠯ ᠰᠡᠳᠦᠪ ᠪᠠ ᠭᠤᠣᠯ ᠱᠤᠭᠤᠮ ᠲᠠᠢ ᠨᠢᠭᠲᠠ ᠤᠶᠠᠯᠳᠤᠭᠤᠯᠤᠨ ᠬᠥᠭᠵᠢᠯᠲᠡ ᠶᠢ ᠠᠳᠬᠤᠵᠤ᠂ ᠡᠷᠬᠡᠪᠰᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠡᠷᠬᠡᠪᠰᠢ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠡᠷᠬᠡᠪᠰᠢ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠷᠢᠳ ᠢᠶᠠᠷ ᠬᠦᠴᠦᠯᠡᠬᠦ ᠶᠢ ᠴᠢᠬᠤᠯᠠᠴᠢᠯᠠᠵᠤ᠂ ᠴᠠᠭ ᠤᠨ ᠬᠡᠮᠵᠢᠶ᠎ᠡ ᠪᠠ ᠦᠷ᠎ᠡ ᠠᠰᠢᠭ ᠢ ᠰᠠᠶᠢᠲᠤᠷ ᠡᠵᠡᠮᠳᠡᠵᠦ᠂ ᠬᠦᠨᠳᠦ ᠬᠦᠡᠭᠭᠡᠨ ᠠᠯᠭᠤᠷ ᠪᠠᠴᠢᠮ ᠢ ᠢᠯᠭᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠣᠳᠠᠲᠠᠶ ᠠᠵᠢᠯ ᠤᠨ ᠳᠤᠮᠳᠠ ᠠᠯᠢ ᠴᠢᠳᠠᠬᠤ ᠪᠠᠷ ᠨᠡᠩ ᠰᠠᠶᠢᠨ ᠦᠷ᠎ᠡ ᠳ᠋ᠦᠩ ᠣᠯᠵᠤ᠂ ᠠᠵᠤ ᠠᠬᠤᠶ ᠶᠢᠨ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠶ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ 2022 ᠣᠨ ᠳᠤ ᠪᠦᠭᠦ ᠬᠤᠰᠢᠭᠤᠨ ᠤ ᠠᠵᠤ ᠠᠬᠤᠶ ᠶᠢᠨ ᠠᠵᠢᠯ ᠢ ᠠᠵᠤ ᠠᠬᠤᠶ ᠶᠢᠨ ᠠᠵᠢᠯᠯᠠᠭᠠᠨ ᠤ ᠵᠣᠬᠢᠰᠲᠠᠶ ᠣᠷᠣᠨ ᠪᠠᠶᠢᠷᠢ ᠳᠤ ᠥᠷᠨᠢᠭᠦᠯᠬᠦ ᠶᠢ ᠪᠠᠲᠤᠯᠠᠬᠤ ᠶᠢᠨ ᠲᠣᠭᠤᠷᠢᠨ ᠳᠤ ᠥᠷᠨᠢᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠬᠦᠴᠢᠷ ᠪᠣᠭᠤᠮᠲᠠ ᠶᠢ ᠲᠤᠭᠤᠯᠵᠤ᠂ ᠢᠲᠡᠭᠡᠯ ᠵᠣᠷᠢᠭ ᠢ ᠨᠢ ᠬᠥᠭᠵᠢᠭᠡᠬᠦ ᠬᠡᠷᠡᠭᠲᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号