ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2022/1/10
ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠮᠵᠢᠯᠲᠠ ᠲᠠᠢ ᠲᠡᠭᠦᠰᠪᠡᠶᠡᠭᠡ ᠬᠤᠷᠠᠯ ᠳᠤ ᠤᠳᠤ 209 ᠲᠥᠯᠥᠭᠡᠯᠡᠭᠴᠢ ᠪᠤᠢ᠂ ᠲᠤᠰ ᠤᠳᠠᠭ᠎ᠠ ᠶᠢᠨ ᠬᠤᠷᠠᠯ ᠳᠤ ᠣᠷᠣᠯᠴᠠᠭᠰᠠᠨ ᠲᠥᠯᠥᠭᠡᠯᠡᠭᠴᠢ 206 ᠬᠥᠮᠦᠨ ᠪᠤᠢ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠹᠠᠩ ᠷᠦᠢ᠂ ᠵᠣᠣ ᠶᠠᠨ ᠬᠤᠩ᠂ ᠮᠠ ᠵᠢᠩ ᠬᠤᠸᠠ᠂ ᠵᠠᠩ ᠬᠤᠸᠠ᠂ ᠵᠠᠩ ᠶᠠᠨ᠂ ᠢᠦᠶ ᠵᠢᠶᠦ᠋ᠨ ᠹᠧᠩ᠂ ᠯᠦ ᠰᠢᠸ᠋ ᠴᠢᠩ᠂ ᠪᠠᠶ ᠯᠢᠩ᠂ ᠶᠧ ᠹᠧᠩ ᠭᠦᠸᠧ᠂ ᠬᠠᠨ ᠸᠧᠶ ᠼᠠᠢ᠂ ᠮᠠ ᠢᠦᠶ ᠬᠦᠶ᠂ ᠷᠦᠩ ᠰᠢ ᠹᠧᠩ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠵᠢᠴᠢ ᠬᠤᠰᠢᠭᠤᠨ ᠲᠠᠰ ᠤᠨ ᠪᠠᠭ ᠤᠨ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ ᠶᠡᠭᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠡᠷᠭᠢᠯᠡᠪᠡ᠃ ᠶᠡᠭᠡ ᠬᠤᠷᠠᠯ ᠠᠴᠠ ᠵᠢᠩᠬᠢᠨᠢ ᠵᠢᠱᠢᠭᠳᠡᠭᠰᠡᠳ ᠤᠨ ᠨᠡᠷᠡᠰ ᠢ ᠨᠡᠶᠢᠲᠡᠯᠡᠵᠦ᠂ ᠶᠡᠭᠡ ᠬᠤᠷᠠᠯ ᠤᠨ ᠪᠢᠯᠧᠲ ᠬᠢᠨᠠᠭᠴᠢ ᠶᠢᠨ ᠨᠡᠷᠡᠰ ᠤᠨ ᠲᠥᠰᠦᠯ ᠢ ᠪᠠᠲᠤᠯᠠᠵᠤ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠢᠭᠠᠨ ᠲᠣᠭᠲᠠᠭᠠᠭᠰᠠᠨ ᠪᠢᠯᠧᠲ ᠪᠦᠷᠢᠳᠬᠡᠭᠴᠢ ᠶᠢᠨ ᠨᠡᠷᠡᠰ ᠢ ᠨᠡᠶᠢᠲᠡᠯᠡᠪᠡ᠃ ᠶᠡᠭᠡ ᠬᠤᠷᠠᠯ ᠠᠴᠠ ᠮᠠ ᠵᠢᠩ ᠬᠤᠸᠠ ᠶᠢ ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠪᠠ︔ ᠶᠧ ᠹᠧᠩ ᠭᠦᠸᠧ᠂ ᠬᠠᠨ ᠸᠧᠶ ᠼᠠᠢ᠂ ᠮᠠ ᠢᠦᠶ ᠬᠦᠶ᠂ ᠷᠦᠩ ᠰᠢ ᠹᠧᠩ ᠢ ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠪᠠ︔ ᠵᠣᠣ ᠶᠠᠨ ᠬᠤᠩ ᠢ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠠᠷ ᠰᠣᠩᠭᠤᠪᠠ︔ ᠪᠠᠶ ᠯᠢᠩ᠂ ᠯᠢ ᠬᠦᠶ ᠹᠠᠩ᠂ ᠪᠢᠴᠢᠭᠲᠦ᠂ ᠸᠠᠩ ᠯᠢ ᠭᠦᠸᠧ ᠂ ᠮᠠ ᠶᠦᠩ ᠭᠠᠩ᠂ ᠰᠢᠶ᠋ᠧ ᠶᠦᠨ ᠰᠥᠩ᠂ ᠢ ᠰᠢᠦ ᠴᠢᠤᠸᠠᠨ ᠢ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠰᠤᠩᠭᠤᠪᠠ︔ ᠰᠢᠤᠢ ᠵᠢᠶᠠᠨ ᠾᠦᠢ ᠶᠢ ᠬᠠᠷᠠᠴᠢᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠪᠠ︔ ᠵᠢᠶᠠᠩ ᠯᠢ ᠶᠢ ᠬᠠᠷᠠᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠷ ᠰᠣᠩᠭᠤᠪᠠ︔  ᠸᠠᠩ ᠸᠧᠨ ᠬᠤᠤ ᠶᠢ ᠬᠠᠷᠠᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠠᠷ ᠰᠣᠩᠭᠤᠪᠠ᠃ ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠤᠨ ᠬᠠᠷᠠᠴᠢᠨ ᠬᠤᠰᠢᠭᠤᠨ ᠤ ᠤᠯᠠᠭᠠᠨᠬᠠᠳᠠ ᠬᠤᠲᠠ ᠶᠢᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠪᠠ᠃ ᠰᠢᠨ᠎ᠡ ᠪᠠᠷ ᠰᠣᠩᠭᠤᠭᠳᠠᠭᠰᠠᠨ ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ᠂ ᠬᠠᠷᠠᠴᠢᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠠᠷᠠᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠬᠠᠷᠠᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠬᠦᠷᠴᠦ ᠲᠥᠯᠥᠭᠡᠯᠡᠭᠴᠢᠳ ᠲᠠᠢ ᠠᠭᠤᠯᠵᠠᠪᠠ᠃ ᠶᠡᠭᠡ ᠬᠤᠷᠠᠯ ᠠᠴᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠰᠢᠨ᠎ᠡ ᠪᠠᠷ ᠰᠣᠩᠭᠤᠭᠳᠠᠭᠰᠠᠨ ᠬᠥᠮᠦᠰ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠬᠠᠮᠲᠤ ᠶᠢᠨ ᠭᠡᠷᠡᠴᠢᠯᠡᠭᠡ ᠪᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号