ᠮᠠᠨ ᠤ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/12
ᠮᠠᠨ ᠤ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠭᠤᠯᠪᠠ    1 ᠳ᠋ᠦᠭᠡᠷ ᠰᠠᠷ᠎ᠠ ᠶᠢᠨ 12 ᠤᠨ ᠡᠳᠦᠷ᠂ ᠬᠠᠷᠠᠴᠢᠨ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠬᠢᠪᠠ᠃ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠴᠤᠭᠯᠠᠭᠤᠯᠤᠭᠴᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠪᠠᠶ ᠯᠢᠩ ᠬᠤᠷᠠᠯ ᠳᠤ ᠣᠷᠣᠯᠴᠠᠵᠠᠶ᠃    ᠪᠠᠶ ᠯᠢᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠯ᠎ᠡ ᠪᠦᠷᠢᠯᠳᠦᠬᠦᠨ ᠨᠢᠭᠡᠴᠡ ᠢᠳᠡᠪᠬᠢᠲᠡᠶ ᠠᠵᠢᠯᠯᠠᠵᠤ᠂ ︽ᠲᠥᠯᠥᠪᠵᠢᠭᠦᠯᠭᠡ︾ ᠶᠢ ᠬᠡᠷᠡᠭᠵᠢᠭᠦᠯᠦᠭᠡᠳ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠵᠠᠯᠠᠭᠤᠴᠤᠳ ᠪᠠᠭᠠᠴᠤᠳ ᠤᠨ ᠠᠵᠢᠯ ᠦᠶᠯᠡᠰ ᠡᠷᠡᠭᠦᠯ ᠢᠶᠠᠷ ᠬᠥᠭᠵᠢᠵᠦ᠂ ᠵᠠᠯᠠᠭᠤᠴᠤᠳ ᠤᠨ ᠪᠡᠯᠡᠳᠬᠡᠯ ᠬᠦᠴᠦᠨ᠂ ᠭᠠᠪᠰᠢᠭᠠᠶ ᠠᠩᠭᠢ ᠶᠢᠨ ᠦᠶᠯᠡᠳᠦᠯ ᠢ ᠪᠦᠲᠦᠮᠵᠢᠲᠡᠶ ᠪᠠᠳᠠᠷᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠪᠣᠯ ᠰᠢ ᠶᠢᠨ ᠫᠢᠩ ᠶᠡᠷᠦᠩᠬᠡᠶ ᠱᠦᠵᠢ ᠶᠢᠨ ᠵᠠᠯᠠᠭᠤᠴᠤᠳ ᠤᠨ ᠠᠵᠢᠯ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠵᠠᠯᠠᠭᠤᠴᠤᠳ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠱᠠᠭᠠᠷᠳᠠᠯᠭ᠎ᠠ ᠮᠥᠨ᠂ ᠮᠠᠨ ᠤ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠶ ᠬᠥᠭᠵᠢᠬᠦ ᠶᠢ ᠳᠥᠯᠭᠢᠨ ᠠᠬᠢᠭᠤᠯᠬᠤ ᠪᠤᠰᠤᠳᠴᠢ ᠬᠡᠷᠡᠭᠴᠡᠭᠡ ᠮᠥᠨ᠃ ᠡᠯ᠎ᠡ ᠪᠦᠷᠢᠯᠳᠦᠬᠦᠨ ᠨᠢᠭᠡᠴᠡ ᠶᠢᠨ ᠬᠢᠨ ᠲᠤᠰ ᠤᠳᠠᠭ᠎ᠠ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠵᠠᠯᠠᠭᠤᠴᠤᠳ ᠤᠨ ᠲᠥᠯᠥᠪᠵᠢᠭᠦᠯᠭᠡ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠵᠤᠷᠪᠤᠰ ᠳᠠᠷᠠᠭᠠᠯᠠᠨ ᠣᠷᠣᠨ ᠪᠠᠶᠢᠷᠢ ᠳᠠᠭᠠᠨ ᠣᠷᠣᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠠᠯᠠᠭᠤ ᠴᠢᠳᠠᠪᠤᠷᠢᠲᠠᠨ ᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠢᠳᠡᠪᠬᠢᠲᠡᠢ ᠬᠦᠳᠦᠯᠦᠨ ᠵᠢᠯᠣᠭᠤᠳᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠂ ᠢᠯᠠᠩᠭᠤᠶ᠎ᠠ ᠡᠯ᠎ᠡ ᠪᠦᠷᠢᠯᠳᠦᠬᠦᠨ ᠨᠢᠭᠡᠴᠡ ᠶᠢᠨ ᠬᠢᠨ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ︽ᠲᠥᠯᠥᠪᠵᠢᠭᠦᠯᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠠᠴᠢᠨ ᠬᠤᠰᠢᠭᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠡᠯ᠎ᠡ ᠵᠦᠶᠯ ᠤᠨ ᠦᠶᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠵᠠᠯᠠᠭᠤᠴᠤᠳ ᠪᠠᠭᠠᠴᠤᠳ ᠤᠨ ᠤᠬᠠᠮᠰᠠᠷ ᠠᠴᠠ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠭᠤᠰᠤᠯᠴᠠᠬᠤ ᠶᠢ ᠬᠥᠲᠥᠯᠦᠨ ᠵᠢᠯᠣᠭᠤᠳᠴᠤ᠂ ᠮᠠᠨ ᠤ ᠬᠤᠰᠢᠭᠤᠨ ᠤ ᠵᠠᠯᠠᠭᠤᠴᠤᠳ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ︔ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠯᠡᠬᠦ ᠴᠡᠭ ᠪᠠ ᠲᠤᠰᠤᠯᠲᠠ ᠪᠠᠨ ᠣᠨᠣᠪᠴᠢᠲᠠᠢ ᠣᠯᠵᠤ᠂ ᠲᠤᠰᠬᠠᠢ ᠵᠥᠪᠯᠡᠬᠦ ᠲᠣᠭᠲᠠᠴᠠ᠂ ᠬᠥᠳᠡᠯᠦᠩᠭᠦᠢ ᠳᠤᠬᠢᠷᠠᠭᠤᠯᠤᠯᠳᠠ ᠶᠢᠨ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃    ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠯ᠎ᠡ ᠪᠦᠷᠢᠯᠳᠦᠬᠦᠨ ᠨᠢᠭᠡᠴᠡ ᠨᠦᠭᠦᠳ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠪ ᠬᠠᠮᠲᠤ ᠵᠠᠯᠠᠭᠤᠴᠤᠳ ᠤᠨ ᠡᠪᠯᠡᠯ ᠵᠣᠬᠢᠴᠠᠭᠤᠯᠬᠤ᠂ ᠡᠯ᠎ᠡ ᠲᠠᠯ᠎ᠠ ᠶᠢᠨ ᠬᠢᠨ ᠬᠠᠮᠲᠤᠪᠠᠷ ᠠᠳᠬᠤᠵᠤ ᠵᠠᠯᠠᠭᠤᠴᠤᠳ ᠤᠨ ᠬᠡᠷᠡᠭ ᠶᠠᠪᠤᠳᠠᠯ ᠢ ᠬᠠᠮᠲᠤᠪᠠᠷ ᠬᠠᠮᠢᠶᠠᠷᠬᠤ︾ ᠠᠵᠢᠯ ᠤᠨ ᠲᠣᠭᠲᠠᠴᠠ ᠶᠢ ᠪᠠᠶᠢᠭᠤᠯᠵᠤ ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠨᠢ ᠪᠦᠷᠢᠯᠳᠦᠬᠦᠨ ᠨᠢᠭᠡᠴᠡ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠡᠷᠡᠭᠵᠢᠭᠦᠯᠦᠯᠲᠡ ᠶᠢᠨ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ︽ᠲᠥᠯᠥᠪᠵᠢᠭᠦᠯᠭᠡ︾ ᠶᠢ ᠬᠡᠷᠡᠭᠵᠢᠭᠦᠯᠦᠭᠰᠡᠨ ᠪᠠᠶᠢᠳᠠᠯ ᠪᠠ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠮᠥᠷᠳᠡᠨ ᠰᠢᠪᠠᠳᠠᠨ ᠪᠠᠶᠢᠴᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠ ᠶᠢᠨ ᠬᠡᠪᠴᠢᠶᠡᠨ ᠳᠠᠬᠢ ᠨᠡᠶᠢᠭᠡᠮ ᠢ ᠵᠠᠰᠠᠬᠤ ᠠᠵᠢᠯ ᠤᠨ ᠳᠤᠮᠳᠠᠬᠢ ᠵᠠᠯᠠᠭᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠵᠤ᠂ ᠥᠷᠭᠡᠨ ᠤᠯᠠᠨ ᠵᠠᠯᠠᠭᠤᠴᠤᠳ ᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠤᠬᠠᠮᠰᠠᠷ ᠢ ᠨᠢ ᠴᠢᠨᠠᠭᠰᠢᠳᠠ ᠴᠢᠩᠭᠠᠳᠬᠠᠵᠤ᠂ ︽ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ᠂ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ︾ ᠳᠤ ᠨᠡᠩ ᠤᠯᠠᠨ ᠵᠠᠯᠠᠭᠤ ᠨᠠᠰᠤᠨ ᠤ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠳᠡᠭᠡᠷ᠎ᠡ ᠳᠤᠮᠳᠠ ᠤᠷᠳᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠭᠤᠷᠪᠠᠳᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠤᠯᠠᠭᠠᠨᠬᠠᠳᠠ ᠬᠤᠳᠠ ᠶᠢᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠭᠦᠨ ᠤ ᠬᠠᠮᠲᠤ᠂ ᠮᠠᠨ ᠤ ᠬᠤᠰᠢᠭᠤᠨ ᠤ 2021 ᠣᠨ ᠤ ︽ᠲᠥᠯᠥᠪᠵᠢᠭᠦᠯᠭᠡ︾ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号