ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠠᠬᠠᠮᠠᠳ ᠺᠠᠳ᠋ᠷᠴᠤᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/1/17
ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠠᠬᠠᠮᠠᠳ ᠺᠠᠳ᠋ᠷᠴᠤᠳ ᠢ ᠲᠣᠬᠤᠨᠢᠭᠤᠯᠪᠠ    1 ᠰᠠᠷ᠎ᠠ ᠶᠢᠨ 17 ᠤ ᠡᠳᠦᠷ᠂ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠤ ᠲᠠᠷᠢᠭᠦᠯᠠᠭᠴᠢ ᠵᠠᠩ ᠬᠤᠸᠠ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ᠨᠥᠬᠦᠳ ᠤᠨ ᠪᠠᠷ᠎ᠠ ᠪᠤᠯᠤᠯᠭ᠎ᠠ ᠲᠠᠢ ᠪᠠᠷ ᠠᠵᠢᠯ ᠠᠴᠠ ᠪᠠᠨ ᠠᠮᠠᠷᠠᠭᠰᠠᠨ ᠺᠠᠲᠠᠷ ᠤᠤᠯ ᠤᠨ ᠤᠯᠤᠰ ᠳᠦᠷᠤ ᠶᠢᠨ ᠵᠦᠪᠯᠠᠯᠭᠠ ᠤ ᠳᠡᠳ᠋ ᠲᠠᠷᠢᠭᠦᠯᠠᠭᠴᠢ ᠵᠧᠩ ᠵᠢᠶᠠ ᠪᠢᠨ ᠤ ᠬᠡᠷ ᠲᠤ ᠬᠦᠢᠷᠴᠤ ᠲᠣᠬᠤᠨᠢᠭᠤᠯᠤᠭᠰᠠᠨ ᠪᠦᠭᠡᠳ ᠲᠡᠭᠦᠨ ᠳᠤ ᠲᠣᠬᠤᠨᠢᠭᠤᠯᠤᠯ ᠤᠨ ᠮᠥᠩᠭᠦ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠣᠨᠴᠠ ᠬᠦᠢᠴᠢᠷᠲᠠᠯᠲᠠᠢ ᠰᠠᠭᠤᠷᠢ ᠮᠥᠩᠭᠦ ᠢ ᠬᠦᠷᠭᠡᠵᠠᠢ᠃    ᠵᠠᠩ ᠬᠤᠸᠠ᠂ ᠵᠧᠩ ᠵᠢᠶᠠ ᠪᠢᠨ ᠲᠠᠢ ᠵᠣᠭᠤᠭ ᠳᠡᠯᠭᠡᠵᠦ᠂ ᠬᠠᠯᠠᠭᠤᠨ ᠳᠤᠯᠠᠭᠠᠨ ᠢ ᠠᠰᠠᠭᠤᠵᠤ᠂ ᠬᠥᠭᠵᠢᠯᠲᠡ ᠶᠢᠨ ᠲᠤᠬᠠᠶ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠣᠯᠠᠨ ᠵᠢᠯ ᠤᠨ ᠲᠤᠷᠰᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠲᠣᠪᠤᠶᠢᠮ᠎ᠠ ᠬᠤᠪᠢ ᠨᠡᠮᠡᠷᠢ ᠪᠠ ᠡᠯ᠎ᠡ ᠲᠥᠷᠥᠯ ᠤᠨ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃    ᠵᠠᠩ ᠬᠤᠸᠠ᠂ ᠠᠬᠠᠮᠠᠳ ᠤᠳᠤᠷᠢᠳᠤᠯᠭ᠎ᠠ ᠥᠩᠭᠡᠷᠡᠭᠰᠡᠨ ᠲᠠᠢ ᠪᠠᠨ ᠠᠳᠠᠯᠢ ᠪᠠᠷ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠢ ᠳᠡᠮᠵᠢᠵᠦ᠂ ᠤᠯᠤᠰ ᠲᠥᠷᠥ᠂ ᠲᠤᠷᠰᠢᠯᠭ᠎ᠠ᠂ ᠨᠡᠷ᠎ᠡ ᠬᠦᠨᠳᠦ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号