ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ᠬᠡᠰᠡᠭ ᠬᠠᠪᠰᠤᠷᠤᠨ ᠲᠡᠳᠬᠦᠬᠦ ᠡᠲᠡᠭᠡᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/1/18
ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ᠬᠡᠰᠡᠭ ᠬᠠᠪᠰᠤᠷᠤᠨ ᠲᠡᠳᠬᠦᠬᠦ ᠡᠲᠡᠭᠡᠳ ᠢ ᠲᠣᠬᠤᠨᠢᠭᠤᠯᠪᠠ    1 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠺᠣᠮᠢᠰᠰᠠᠷ ᠵᠠᠩ ᠵᠢᠶ ᠼᠦᠩ ᠨᠠᠨ ᠲᠠᠶᠢᠽᠢ ᠰᠢᠶᠠᠩ ᠳᠤ ᠬᠦᠷᠴᠦ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠩᠭᠢ ᠶᠢᠨ ᠭᠡᠰᠢᠭᠦᠳ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠡᠷᠦᠬᠡ ᠳᠤ ᠬᠦᠷᠴᠦ ᠬᠠᠪᠰᠤᠷᠤᠨ ᠲᠣᠬᠤᠨᠢᠭᠤᠯᠵᠤ᠂ ᠲᠡᠳᠡᠨ ᠤ ᠬᠠᠬᠢᠷ ᠡᠪᠦᠯ ᠤᠨ ᠤᠯᠠᠷᠢᠯ ᠳᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠴᠢᠩ ᠰᠡᠳᠬᠢᠯ ᠤᠨ ᠬᠠᠯᠠᠮᠵᠢᠯᠠᠯ ᠢ ᠬᠦᠷᠭᠡᠵᠡᠶ᠃    ᠵᠠᠩ ᠵᠢᠢ ᠼᠦᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠬᠤ ᠠᠩᠬᠢ ᠶᠢᠨ ᠰᠠᠭᠤᠭ᠎ᠠ ᠭᠠᠵᠠᠷ ᠲᠤ ᠬᠦᠷᠴᠦ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠤᠢᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠪᠣᠯᠤᠨ ᠭᠡᠰᠢᠭᠦᠳ ᠤᠨ ᠬᠤᠪᠢ ᠬᠥᠮᠦᠨ ᠤ ᠦᠵᠡᠯ ᠰᠠᠨᠠᠭᠠᠨ ᠤ ᠬᠠᠷᠢᠭᠤ ᠮᠡᠳᠡᠭᠦᠯᠦᠯᠲᠡ᠂ ᠠᠵᠢᠯ ᠤᠨ ᠬᠡᠷᠡᠭᠴᠡᠭᠡ ᠵᠢᠴᠢ ᠰᠠᠨᠠᠭᠤᠯᠭ᠎ᠠ ᠰᠠᠨᠠᠯ ᠢ ᠰᠣᠨᠣᠰᠴᠠᠢ᠃ ᠠᠵᠢᠯᠯᠠᠬᠤ ᠠᠩᠭᠢ ᠶᠢᠨ ᠠᠵᠢᠯᠯᠠᠬᠤ᠂ ᠬᠤᠨᠣᠭᠯᠠᠬᠤ ᠣᠷᠴᠢᠨ ᠲᠣᠭᠤᠷᠢᠨ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠮᠢᠷᠴᠢᠳ ᠤᠨ ᠢᠳᠡᠭᠡᠨ ᠤᠮᠳᠠᠭᠠᠨ᠂ ᠶᠠᠪᠤᠵᠤ ᠰᠠᠭᠤᠬᠤ᠂ ᠠᠶᠢᠯ ᠲᠣᠰᠬᠤᠨ ᠤ ᠠᠵᠤ ᠦᠶᠯᠡᠰ ᠤᠨ ᠬᠥᠭᠵᠢᠯᠲᠡ ᠵᠢᠴᠢ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠵᠠᠩ ᠵᠢᠶ ᠼᠦᠩ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠪᠰᠤᠷᠤᠨ ᠲᠡᠳᠬᠦᠬᠦ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠠᠷᠢᠭᠤᠴᠠᠯᠭ᠎ᠠ ᠪᠠᠶᠢᠵᠤ᠂ ᠨᠠᠮ ᠪᠣᠯᠤᠨ ᠵᠠᠰᠠᠭ ᠤᠨ ᠣᠷᠳᠣᠨ ᠤ ᠡᠯ᠎ᠡ ᠵᠦᠢᠯ ᠤᠨ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠲᠣᠰᠬᠤᠨ ᠤ ᠠᠷᠠᠳ ᠤᠨ ᠵᠥᠪᠯᠡᠯ ᠤᠨ ᠠᠵᠢᠯ ᠳᠤ ᠢᠳᠡᠪᠬᠢᠲᠡᠢ ᠬᠠᠮᠵᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠣᠳᠠᠲᠠᠢ ᠪᠠᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠬᠦᠴᠦᠷᠬᠡᠭ ᠶᠡᠭᠡ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠣᠯᠠᠨ ᠲᠦᠮᠡᠨ ᠤ ᠲᠤᠰᠬᠠᠯ ᠶᠡᠬᠡᠲᠡᠶ ᠠᠰᠠᠭᠤᠳᠠᠯ ᠪᠠ ᠲᠤᠯᠭᠠᠷᠠᠭᠰᠠᠨ ᠬᠦᠴᠢᠷᠳᠡᠯ ᠢ ᠴᠢᠩᠭ᠎ᠠ ᠠᠩᠬᠠᠷᠴᠤ᠂ ᠢᠳᠡᠪᠬᠢᠲᠡᠶ ᠪᠠᠷ ᠵᠣᠬᠢᠴᠠᠭᠤᠯᠤᠨ ᠰᠢᠶᠳᠪᠦᠷᠢᠯᠡᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠭᠤᠤᠯ ᠬᠠᠷᠢᠭᠤᠴᠠᠯᠭ᠎ᠠ ᠭᠤᠤᠯ ᠠᠵᠢᠯ ᠢ ᠦᠨᠡᠨ ᠬᠦ ᠡᠭᠦᠷᠭᠡᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠩᠭᠢ ᠰᠢᠷᠭᠠᠭᠤ ᠠᠵᠢᠯᠯᠠᠵᠤ ᠪᠣᠳᠠᠲᠠᠶ ᠠᠵᠢᠯᠯᠠᠬᠤ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠬᠦ ᠵᠣᠷᠢᠭ ᠰᠠᠨᠠᠭ᠎ᠠ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠵᠦ᠂ ᠳᠠᠬᠢᠨ ᠶᠠᠳᠠᠭᠤᠷᠠᠬᠤ ᠶᠢ ᠰᠡᠳᠬᠢᠯ ᠲᠠᠯᠪᠢᠨ ᠰᠡᠷᠭᠡᠶᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠭᠰᠡᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号