︽ᠰᠢᠨ᠎ᠡ ᠵᠢᠯ ᠤᠨ ᠪᠠᠶᠠᠷ ᠤᠨ ᠦᠭᠡ ︾ ᠬᠠᠷᠠᠴᠢᠨ᠂ ᠪᠢᠳᠡ ᠬᠠᠮᠲᠤ ᠪᠠᠷ ᠢᠷᠡᠭᠡᠳᠦᠶ ᠪᠠᠨ ᠵᠣᠷᠢᠭᠤᠯᠪᠠ
ᠨᠡᠶᠢᠲᠡᠯᠡᠭᠰᠡᠨ ᠴᠠᠭ᠄
2022/1/2
︽ᠰᠢᠨ᠎ᠡ ᠵᠢᠯ ᠤᠨ ᠪᠠᠶᠠᠷ ᠤᠨ ᠦᠭᠡ ︾ ᠬᠠᠷᠠᠴᠢᠨ᠂ ᠪᠢᠳᠡ ᠬᠠᠮᠲᠤ ᠪᠠᠷ ᠢᠷᠡᠭᠡᠳᠦᠶ ᠪᠠᠨ ᠵᠣᠷᠢᠭᠤᠯᠪᠠ                                      ᠹᠠᠩ ᠷᠦᠢ           ᠵᠤᠤ ᠶᠠᠨ ᠬᠤᠩ ᠠᠴᠠ    ᠰᠢᠨ᠎ᠡ ᠨᠢᠭᠡᠨ ᠵᠢᠯ ᠬᠦᠷᠴᠦ ᠢᠷᠡᠬᠦ ᠲᠠᠰᠢᠷᠠᠮ ᠳᠤ᠂ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ 35 ᠲᠦᠮᠡᠨ  ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ᠂ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠣᠷᠣᠯᠴᠠᠭᠰᠠᠨ ᠡᠯ᠎ᠡ ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠨᠠᠶᠢᠵᠠ ᠨᠠᠷ ᠲᠤ ᠬᠠᠮᠤᠭ ᠤᠨ ᠰᠠᠶᠢᠨ ᠰᠠᠶᠢᠬᠠᠨ ᠢᠷᠥᠭᠡᠯ ᠳᠡᠪᠰᠢᠭᠦᠯᠦᠶ᠎ᠡ︕    ᠰᠠᠶ᠋ᠢᠬᠠᠨ ᠥᠩᠭᠡᠷᠡᠭᠰᠡᠨ 2021 ᠣᠨ ᠪᠣᠯ ᠥᠷᠢᠰᠥᠯᠳᠦᠭᠡᠨ ᠢᠶᠠᠷ ᠳᠦᠭᠦᠷᠦᠭᠰᠡᠨ᠂ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠡᠷᠡᠮᠡᠬᠡᠶᠢᠯᠡᠨ ᠲᠠᠪᠰᠢᠬᠰᠠᠨ ᠨᠢᠭᠡ ᠵᠢᠯ ᠮᠥᠨ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ  ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠠᠴᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ᠃    ᠡᠨᠡ ᠨᠢᠭᠡ ᠵᠢᠯ ᠳᠤ ᠪᠢᠳᠡ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠠᠶᠠᠷᠲᠤ ᠶᠠᠪᠤᠳᠠᠯ ᠤᠳ ᠢ ᠪᠦᠲᠦᠭᠡᠵᠡᠶ᠃ ᠪᠦᠬᠦ ᠬᠤᠰᠢᠭᠤ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ᠂ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠢ ᠴᠢᠨᠠᠷ ᠰᠠᠶᠢᠲᠠᠶ ᠳᠠᠭᠠᠭᠠᠴᠢᠯᠠᠨ ᠡᠷᠭᠢᠯᠡᠵᠦ᠂ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ᠂ ᠤᠯᠠᠭᠠᠨ ᠨᠠᠪᠴᠢᠲᠤ ᠠᠮᠢ ᠠᠬᠤᠶ ᠶᠢᠨ ᠵᠢᠭᠤᠯᠴᠢᠯᠠᠯ ᠤᠨ ᠪᠠᠶᠠᠷ᠂ ᠲᠥᠪᠡᠳ ᠬᠠᠰᠢ ᠶᠢᠨ ᠪᠠᠶᠠᠷ ᠵᠡᠷᠭᠡ ᠴᠢᠬᠤᠯᠠ ᠶᠡᠭᠡ ᠪᠠᠶᠠᠷ ᠤᠨ ᠴᠤᠭᠯᠠᠭᠠᠨ ᠤ ᠠᠵᠢᠯᠯᠠᠭ᠎ᠠ ᠶᠢ ᠥᠨᠳᠥᠷ ᠲᠦᠪᠰᠢᠨ ᠢᠶᠠᠷ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠱᠠᠨ ᠷᠦᠩ ᠠᠶᠢᠮᠠᠭ ᠤᠨ ᠵᠢᠭᠤᠯᠴᠢᠯᠠᠯ ᠤᠨ ᠣᠷᠣᠨ ᠢ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠮᠠᠭᠠᠳᠯᠠᠨ ᠲᠣᠭᠲᠠᠭᠠᠵᠤ᠂  ᠵᠤᠴᠢᠨᠰᠠᠭ ᠯᠸᠢ ᠢᠩᠽᠢ ᠰᠣᠶᠣᠯ ᠤᠨ ᠵᠢᠭᠤᠯᠴᠢᠯᠠᠯ ᠤᠨ ᠺᠣᠮᠫᠠᠨᠢ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠵᠦ᠂ ᠬᠥ᠋ ᠱᠠᠨ ᠲᠣᠰᠬᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ  ᠭᠤᠤᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃ ︽ᠢᠳᠡᠭᠡᠨ ᠤ ᠦᠵᠦᠭᠦᠷ ᠲᠠᠬᠢ ᠬᠠᠷᠠᠴᠢᠨ︾ ︽ᠪᠣᠭᠤᠮᠲᠠ ᠶᠢᠨ ᠭᠠᠳᠠᠨᠠᠬᠢ ᠬᠤᠸᠠᠩᠱᠠᠨ ᠠᠭᠤᠯᠠ᠂ ᠳ᠋ᠠ ᠮᠧᠶ ᠮᠠ ᠠᠨ︾ ᠵᠡᠷᠭᠡ ᠵᠢᠭᠤᠯᠴᠢᠯᠠᠯ ᠤᠨ ᠨᠠᠷᠠᠲᠤ ᠲᠡᠮᠳᠡᠭ ᠪᠥᠬᠦ ᠲᠠᠯ᠎ᠠ ᠪᠠᠷ ᠳᠠᠭᠤᠷᠢᠰᠴᠤ᠂ ᠬᠠᠷᠠᠴᠢᠨ ᠤ ᠨᠡᠷ᠎ᠡ ᠠᠯᠳᠠᠷ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠨᠥᠯᠥᠭᠡᠯᠡᠬᠦ ᠬᠦᠴᠦᠨ ᠨᠢ ᠤᠯᠠᠮ ᠠᠴᠠ ᠤᠯᠠᠮ ᠶᠡᠭᠡ ᠪᠣᠯᠪᠠ᠃    ᠡᠨᠡ ᠨᠢᠭᠡ ᠵᠢᠯ ᠳᠤ᠂ ᠪᠢᠳᠡ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠪᠠ᠃    ᠡᠨᠡ ᠨᠢᠭᠡ ᠵᠢᠯ ᠳᠤ᠂ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠤᠴᠢᠷ ᠶᠠᠪᠤᠳᠠᠯ ᠢ ᠴᠢᠩᠭ᠎ᠠ ᠠᠩᠬᠠᠷᠴᠤ᠂ ᠤᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠢᠢᠳᠪᠦᠷᠢᠯᠡᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠳᠠ ᠶᠢᠨ ᠲᠣᠭᠤᠷᠢᠭ ᠤᠨ ᠳᠤᠯᠠᠭᠠᠯᠠᠭ᠎ᠠ ᠬᠠᠩᠭᠠᠬᠤ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠦᠨᠡᠮᠯᠡᠯ ᠠᠪᠬᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠦᠭᠵᠢᠷᠡᠯ ᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠳᠦᠷᠦᠭᠳᠡᠯ ᠨᠡᠩ ᠰᠠᠶᠢᠨ ᠪᠤᠯᠵᠤ᠂ ᠵᠣᠯ ᠵᠢᠷᠭᠠᠯ ᠤᠨ ᠳᠦᠷᠦᠭᠳᠡᠯ ᠨᠡᠩ ᠦᠷᠭᠦᠯᠵᠢᠯᠡᠵᠦ᠂ ᠠᠮᠤᠷ ᠲᠦᠪᠰᠢᠨ ᠤ ᠳᠦᠷᠦᠭᠳᠡᠯ ᠨᠡᠩ ᠪᠠᠲᠤᠯᠠᠭ᠎ᠠ ᠲᠠᠢ ᠪᠣᠯᠪᠠ᠃    ᠥᠩᠭᠡᠷᠡᠭᠰᠡᠨ ᠤ ᠶᠠᠪᠤᠳᠠᠯ ᠪᠦᠬᠦᠨ ᠴᠥᠮ ᠣᠷᠣᠰᠢᠯ ᠪᠣᠯᠤᠨ᠎ᠠ᠃ 2022 ᠣᠨ ᠪᠣᠯ ᠬᠦᠰᠡᠨ ᠪᠠᠷᠠᠯᠠᠭᠤᠰᠢᠲᠠᠶ ᠨᠢᠭᠡ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠪᠣᠯᠤᠨ᠎ᠠ᠃ ᠰᠢᠨ᠎ᠡ ᠨᠢᠭᠡᠨ ᠵᠢᠯ᠂ ᠪᠢᠳᠡ ᠰᠢ ᠶᠢᠨ ᠫᠢᠩ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ  ᠭᠤᠤᠯ ᠰᠢᠵᠢᠮ ᠪᠣᠯᠭᠠᠵᠤ᠂ ᠤᠯᠠᠭᠠᠨᠬᠠᠳᠠ ᠶᠢᠨ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ ᠲᠣᠭᠤᠷᠢᠨ ᠳᠤ᠂ ︽ᠵᠢᠷᠭᠤᠭᠠᠨ ᠤᠯᠠᠭᠠᠨᠬᠠᠳᠠ︾ ᠶᠢ ᠪᠥᠲᠥᠭᠡᠨ ᠪᠠᠶᠢᠭᠤᠯᠵᠤ᠂ ︽ᠬᠤᠤᠰ ᠣᠳᠣᠨ ᠣᠷᠣᠨ︾ ᠢ ᠴᠣᠭᠴᠠᠯᠠᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠬᠦᠴᠦᠯᠡᠨ ᠢᠯᠡᠷᠡᠭᠦᠯᠵᠦ᠂ ᠰᠢᠨ᠎ᠡ ᠰᠣᠷᠭᠤᠭ ᠡᠷᠡᠭᠦᠯ ᠴᠢᠭᠢᠷᠠᠭ᠂ ᠪᠠᠶᠠᠨ ᠴᠢᠨᠡᠭᠡᠯᠢᠭ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠠᠷᠠᠴᠢᠨ ᠶᠢ ᠪᠠᠶᠢᠭᠤᠯᠬᠤ ᠪᠠᠷ ᠴᠢᠷᠮᠠᠶᠢᠨ᠎ᠠ᠃ ᠬᠠᠮᠤᠭ ᠰᠡᠭᠦᠯ ᠳᠤ᠂ ᠪᠥᠬᠦ ᠬᠤᠰᠢᠭᠤᠨ ᠤ ᠠᠷᠠᠳ ᠲᠦᠮᠡᠨ ᠰᠢᠨ᠎ᠡ ᠵᠢᠯ ᠳᠤ ᠪᠠᠶᠠᠷ ᠬᠥᠷ ᠲᠠᠢ᠂ ᠬᠡᠷ ᠬᠤᠲᠠᠯᠠᠭᠠᠷ ᠢᠶᠠᠷ ᠢᠶᠠᠨ ᠪᠠᠶᠠᠷ  ᠪᠠᠶᠠᠰᠬᠠᠯ ᠲᠠᠢ᠂ ᠲᠦᠮᠡᠨ ᠬᠡᠷᠡᠭ ᠲᠡᠭᠦᠰ ᠪᠦᠲᠦᠬᠦ ᠶᠢ ᠢᠷᠥᠭᠡᠶ᠎ᠡ︕ ᠬᠠᠷᠠᠴᠢᠨ ᠬᠤᠰᠢᠭᠤᠨ ᠤ ᠡᠯ᠎ᠡ ᠵᠦᠶᠯ ᠤᠨ ᠠᠵᠢᠯ ᠦᠶᠯᠡᠰ ᠤᠨ ᠥᠷᠨᠢᠩᠭᠦᠶ ᠬᠥᠭᠵᠢᠯᠲᠡ ᠲᠠᠢ ᠪᠠᠶᠢᠬᠤ ᠶᠢ ᠢᠷᠥᠭᠡᠶ᠎ᠡ︕
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号