ᠬᠤᠰᠢᠭᠤᠨ ᠤ ᠤᠳᠤᠷᠢᠳᠤᠯᠭ᠎ᠠ ᠮᠠᠨᠵᠤᠤᠷ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/1/21
ᠬᠤᠰᠢᠭᠤᠨ ᠤ ᠤᠳᠤᠷᠢᠳᠤᠯᠭ᠎ᠠ ᠮᠠᠨᠵᠤᠤᠷ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠲᠣᠬᠤᠨᠢᠭᠤᠯᠪᠠ    1 ᠰᠠᠷ᠎ᠠ ᠶᠢᠨ 18 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠳᠡᠳ᠋ ᠡᠷᠭᠢᠯᠠᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠠᠷᠢᠭᠦᠯᠠᠭᠴᠢ ᠮᠠ ᠢᠦᠢ ᠬᠦᠢ᠂ ᠬᠤᠰᠢᠭᠤᠨ ᠤ ᠵᠠᠰᠠᠭ ᠤᠨ ᠣᠷᠳᠣᠨ ᠤ ᠳᠠᠳ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶᠧ ᠶᠦᠠ ᠰᠦᠩ ᠵᠢᠴᠢ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠮᠢᠶ᠎ᠠ ᠪᠦᠭᠦᠢ ᠬᠠᠷᠢᠭᠤᠴᠠᠯᠭᠠᠲᠠᠨ ᠨᠠᠷ ᠮᠠᠨ ᠤ ᠬᠤᠰᠢᠭᠤᠨ ᠤ ᠮᠠᠨᠵᠤᠤᠷ ᠲᠤ ᠲᠤᠰᠠᠯᠠᠬᠤ ᠪᠠᠷ ᠬᠦᠷᠦᠭᠰᠡᠨ 15 ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠲᠣᠬᠤᠨᠢᠭᠤᠯᠵᠤ᠂ ᠨᠠᠮ ᠪᠠ ᠵᠠᠰᠠᠭ ᠤᠨ ᠣᠷᠳᠣᠨ ᠵᠢᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠲᠠᠳᠠ ᠨᠠᠷ ᠤᠨ ᠬᠦᠷᠭᠡᠪᠠ᠃    ᠬᠤᠰᠢᠭᠤᠨ ᠤ ᠤᠳᠤᠷᠢᠳᠤᠯᠭ᠎ᠠ ᠨᠠᠷ ᠤᠷᠢᠳ ᠬᠤᠵᠢᠳ ᠠᠨ ᡁᠢ ᠴᠢᠩ᠂ ᠴᠢ ᠵᠢᠶᠦ᠋ᠨ ᠯᠦᠩ ᠤᠨ ᠭᠡᠷ ᠲᠤ ᠬᠦᠷᠴᠦ᠂ ᠲᠡᠳᠡ ᠪᠣᠯᠤᠨ ᠲᠡᠳᠡᠨ ᠤ ᠭᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠮᠠᠨᠵᠤᠤᠷ ᠲᠠᠬᠢ ᠠᠮᠢᠳᠤᠷᠠᠯ᠂ ᠠᠵᠢᠯ ᠤᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ᠂ ᠲᠤᠯᠭᠠᠷᠠᠭᠰᠠᠨ ᠬᠦᠴᠢᠷᠳᠡᠯ ᠵᠢᠴᠢ ᠣᠳᠣᠬᠠᠨ ᠤ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠵᠡᠷᠭᠡ ᠶᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠤ ᠨᠠᠮ ᠪᠣᠯᠤᠨ ᠠᠷᠠᠳ ᠲᠦᠮᠡᠨ ᠳᠤ ᠬᠠᠮᠤᠭ ᠤᠨ ᠬᠡᠷᠡᠭᠴᠡᠭᠡ ᠲᠠᠢ ᠵᠠᠩᠭᠢᠯᠠᠭ᠎ᠠ ᠶᠢᠨ ᠴᠠᠭ ᠮᠥᠴᠡ ᠳᠤ ᠬᠢᠵᠢᠭ ᠤᠨ ᠪᠠᠶᠢᠳᠠᠯ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠰ ᠰᠢᠭᠤᠷᠬᠠᠶ ᠪᠠᠷ ᠪᠠᠶᠢᠯᠳᠤᠵᠤ᠂ ᠲᠡᠳᠡᠨ ᠤ ᠬᠡᠷ ᠪᠦᠯᠢ ᠶᠢᠨ ᠬᠢᠨ ᠳᠤ ᠴᠢᠩ ᠰᠡᠳᠬᠢᠯ ᠤᠨ ᠮᠡᠨᠳᠦᠴᠢᠯᠡᠯ ᠪᠠ ᠲᠠᠯᠠᠷᠬᠠᠯ ᠢᠶᠠᠨ ᠳᠡᠪᠰᠢᠭᠦᠯᠵᠦ᠂ ᠲᠣᠬᠤᠨᠢᠭᠤᠯᠬᠤ ᠮᠥᠩᠭᠦ ᠬᠦᠷᠭᠡᠵᠦ ᠲᠠᠯᠠᠷᠬᠠᠭᠰᠡᠨ ᠪᠠᠶᠢᠨ᠎ᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号