ᠮᠠᠨ ᠤ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠨᠢᠨ ᠳᠡᠭᠡᠷ᠎ᠡ ᠨᠢ ᠤᠬᠠᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/21
ᠮᠠᠨ ᠤ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠨᠢᠨ ᠳᠡᠭᠡᠷ᠎ᠡ ᠨᠢ ᠤᠬᠠᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠳᠠᠶᠢᠨ ᠤ ᠭᠠᠷ ᠠᠪᠤᠯᠭ᠎ᠠ︾  ᠶᠢᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠣᠬᠢᠶᠠᠯ ᠢ ᠨᠠᠶᠢᠷᠠᠭᠤᠯᠤᠨ ᠬᠡᠪᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷ᠎ᠠ ᠵᠢᠯᠤᠭᠤᠳᠤᠯᠭ᠎ᠠ᠂ ᠰᠣᠨᠢᠨ ᠮᠡᠳᠡᠭᠡ ᠨᠡᠶᠢᠲᠡᠯᠡᠬᠦ᠂ ᠵᠠᠭᠤᠴᠢᠯᠠᠭᠤᠷ ᠤᠨ ᠤᠬᠠᠭᠤᠯᠭ᠎ᠠ᠂ ᠨᠡᠶᠢᠭᠡᠮ ᠤᠨ ᠳᠠᠶᠢᠴᠢᠯᠠᠯᠲᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠵᠡᠷᠭᠡ ᠭᠤᠭᠴᠤᠭ᠎ᠠ ᠶᠢ ᠪᠦᠬᠦ ᠲᠠᠯ᠎ᠠ ᠪᠠᠷ ᠤᠨᠢᠨ ᠳᠡᠭᠡᠷ᠎ᠡ ᠨᠢ ᠰᠠᠶᠢᠲᠤᠷ ᠬᠢᠬᠦ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠬᠤᠷᠠᠯ ᠠᠴᠠ ᠣᠳᠣᠬᠠᠨ ᠤ ᠪᠠᠶᠢᠳᠠᠯ ᠳᠣᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠨᠢᠨ ᠳᠡᠭᠡᠷ᠎ᠡ ᠨᠢ ᠤᠬᠠᠭᠤᠯᠬᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠰᠠᠨᠠᠭᠠᠨ ᠤ ᠲᠠᠨᠢᠯᠲᠠ ᠪᠣᠯᠤᠨ ᠬᠠᠷᠢᠭᠤᠴᠠᠯᠭᠠᠲᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ ᠢ ᠰᠡᠷᠭᠡᠭ ᠢᠶᠠᠷ ᠲᠠᠨᠢᠵᠤ᠂ ᠥᠴᠦᠬᠡᠨ ᠴᠦ ᠰᠤᠯᠠᠷᠠᠭᠤᠯᠵᠤ ᠪᠤᠯᠬᠤ ᠦᠭᠡᠢ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠨᠠᠷᠢᠨ ᠨᠢᠭᠲᠠ ᠠᠳᠬᠤᠵᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠠᠢ᠃ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠣᠨᠣᠪᠴᠢᠲᠠᠶ ᠬᠠᠷᠢᠭᠤᠯᠲᠠ ᠥᠭᠴᠦ᠂ ᠥᠷᠭᠡᠨ ᠣᠯᠠᠨ ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠳᠡᠮᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠬᠠᠮᠰᠠᠷ ᠠᠴᠠ ᠪᠠᠨ ᠰᠠᠶᠢᠲᠤᠷ ᠬᠠᠮᠵᠢᠯᠴᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠠᠵᠢᠯ ᠤᠨ ᠵᠢᠭᠠᠪᠤᠷᠢ ᠶᠢ ᠪᠣᠳᠠᠲᠠᠶᠢᠵᠢᠭᠤᠯᠤᠨ ᠤᠬᠠᠭᠤᠯᠵᠤ᠂ ᠪᠣᠳᠠᠲᠠᠶᠢᠵᠢᠭᠤᠯᠤᠨ ᠳᠤᠤᠱᠯᠠᠭᠤᠯᠵᠤ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠪᠡᠶᠡᠯᠡᠭᠦᠯᠬᠦ ᠬᠡᠷᠡᠭᠲᠡᠶ᠃ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠤᠬᠠᠭᠤᠯᠬᠤ ᠭᠡᠰᠢᠭᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠣᠨᠢᠨ ᠮᠡᠳᠡᠭᠡᠨ ᠤ ᠥᠭᠦᠯᠡᠭᠴᠢ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号