ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠠᠮᠵᠢᠯᠲᠠ ᠲᠠᠢ ᠲᠡᠭᠦᠰᠪᠡ | 1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨᠠᠬᠢ 4 ᠴᠠᠭ ᠲᠤ᠂ ᠳᠤᠮᠳᠠᠳᠤ ᠤᠯᠤᠰ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠶᠡᠭᠡ ᠬᠤᠷᠠᠯ ᠤᠨ ᠲᠣᠭᠲᠠᠭᠰᠠᠨ ᠵᠥᠪᠯᠡᠬᠦ ᠵᠦᠶᠯ ᠤᠳ ᠢᠶᠠᠨ ᠲᠡᠭᠦᠰ ᠠᠮᠵᠢᠯᠲᠠ ᠲᠠᠢ | ᠳᠠᠭᠤᠰᠬᠠᠵᠤ᠂ ᠬᠤᠰᠢᠭᠤᠨ ᠤ ᠤᠷᠠᠯᠢᠭ ᠤᠨ ᠲᠥᠪ ᠲᠤ ᠠᠮᠵᠢᠯᠲᠠ ᠲᠠᠢ ᠲᠡᠭᠦᠰᠪᠡ᠃ | ᠹᠠᠩ ᠷᠦᠢ᠂ ᠮᠠ ᠵᠢᠩ ᠬᠤᠸᠠ ᠵᠡᠷᠭᠡ ᠬᠤᠰᠢᠭᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | ᠬᠤᠳᠠ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠳᠣᠯᠣᠳᠤᠭᠠᠷ ᠵᠢᠯᠣᠭᠤᠳᠬᠤ ᠳᠤᠭᠤᠶᠢᠯᠠᠩ ᠬᠤᠷᠠᠯ ᠳᠤ | ᠣᠷᠣᠯᠴᠠᠨ ᠵᠢᠭᠠᠨ ᠵᠢᠯᠣᠭᠤᠳᠪᠠ᠃ ᠲᠡᠭᠦᠰᠬᠦ ᠶᠣᠰᠣᠯᠠᠯ ᠢ ᠵᠧᠩ ᠰᠢᠶᠠᠨ ᠬᠤᠢ ᠡᠷᠬᠢᠯᠡᠪᠡ᠃ | ᠶᠡᠭᠡ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ᠶᠢ ᠪᠠᠲᠤᠯᠠᠪᠠ ︔ | ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠤᠨ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃ | ᠶᠡᠭᠡ ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠳᠤᠭᠠᠷ | ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠰᠢᠶᠳᠪᠦᠷᠢ︾ ᠶᠢ ᠪᠠᠲᠤᠯᠠᠪᠠ︔ ︽ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ | ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠰᠠᠨᠠᠯ ᠳᠤᠷᠠᠳᠤᠯᠭ᠎ᠠ ᠶᠢ | ᠬᠢᠨᠠᠨ ᠪᠠᠶᠢᠴᠠᠭᠠᠬᠤ ᠺᠣᠮᠢᠰ ᠤᠨ ᠮᠡᠳᠡᠭᠦᠯᠦᠯᠲᠡ︾ ᠶᠢ ᠪᠠᠲᠤᠯᠠᠪᠠ︔ ︽ᠤᠯᠤᠰ ᠲᠥᠷᠥ ᠶᠢᠨ ᠵᠥᠪᠯᠡᠯᠭᠡᠨ ᠤ | ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ | ᠤᠯᠤᠰ ᠲᠥᠷᠥ ᠶᠢᠨ ᠰᠢᠶᠳᠪᠦᠷᠢ︾ ᠶᠢ ᠪᠠᠲᠤᠯᠠᠪᠠ᠃ | ᠶᠡᠭᠡ ᠬᠤᠷᠠᠯ ᠠᠴᠠ ᠵᠠᠩ ᠬᠤᠸᠠ ᠶᠢ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶᠠᠨ ᠤ ᠲᠡᠷᠢᠭᠦᠯᠡᠭᠴᠢ ᠪᠠᠷ ᠰᠣᠩᠭᠤᠪᠠ︔ ᠹᠧᠩ ᡁᠢ ᠰᠢᠨ᠂ ᠯᠢ ᠭᠤᠸᠠᠩ ᠵᠢᠶᠦ᠋ᠨ᠂ ᠵᠧᠩ ᠰᠢᠶᠠᠨ ᠬᠤᠶ ᠶᠢ | ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠳᠡᠳ᠋ ᠲᠡᠷᠢᠭᠦᠯᠡᠭᠴᠢ ᠪᠠᠷ ᠰᠣᠩᠭᠤᠪᠠ︔ ᠯᠠᠨ ᠶᠢᠨ ᠰᠢᠤᠸᠠᠢ ᠶᠢ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠪᠠ︔ ᠤᠯᠤᠰ ᠲᠥᠷᠥ ᠶᠢᠨ | ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ 29 ᠪᠠᠶᠢᠩᠭᠤ ᠶᠢᠨ | ᠭᠡᠰᠢᠭᠦᠨ ᠢ ᠰᠣᠩᠭᠤᠨ ᠭᠠᠷᠭᠠᠪᠠ᠃ | ᠵᠠᠩ ᠬᠤᠸᠠ ᠬᠡᠯᠡᠭᠰᠡᠨ ᠨᠢ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠡᠭᠦᠷᠭᠡ ᠲᠤᠰᠢᠶᠠᠯ ᠢᠶᠠᠨ | ᠦᠨᠡᠨᠴᠢ ᠰᠢᠳᠤᠷᠭᠤ ᠪᠠᠷ ᠭᠦᠢᠴᠡᠳᠬᠡᠬᠦ ᠶᠢᠨ ᠦᠨᠳᠦᠰᠦᠨ ᠪᠠᠲᠤᠯᠠᠭ᠎ᠠ ᠪᠣᠯᠭᠠᠵᠤ᠂ ︽ᠤᠯᠤᠰ ᠲᠦᠷᠦ ᠶᠢᠨ | ᠵᠥᠪᠯᠡᠯᠭᠡᠨ ᠤ ᠬᠡᠪ ᠰᠤᠷᠲᠠᠯ︾ ᠢ ᠪᠤᠢ ᠪᠣᠯᠭᠠᠬᠤ ᠬᠡᠷᠡᠭᠲᠡᠢ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠤᠭ ᠳᠡᠮᠳᠡᠭ ᠲᠣᠳᠣᠷᠬᠠᠢ ᠪᠠᠷ | ᠤᠯᠤᠰ ᠲᠦᠷᠦ ᠶᠢ ᠡᠷᠬᠢᠮᠯᠡᠬᠦ ᠶᠢ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠠᠮᠤᠭ ᠤᠨ ᠡᠷᠬᠢᠮ ᠳᠡᠭᠡᠳᠦ᠂ | ᠬᠠᠮᠤᠭ ᠤᠨ ᠥᠨᠢ ᠤᠳᠠᠭᠠᠨ᠂ ᠬᠠᠮᠤᠭ ᠤᠨ ᠭᠦᠨ ᠵᠤᠵᠠᠭᠠᠨ ᠵᠠᠩ ᠰᠤᠷᠲᠠᠯ ᠪᠣᠯᠭᠠᠬᠤ ᠬᠡᠷᠡᠭᠲᠡᠢ︔ ᠪᠦᠯᠬᠦᠮᠳᠡᠯ ᠪᠠ | ᠠᠷᠠᠳᠴᠢᠯᠠᠯ ᠢ ᠤᠨᠢᠨ ᠳᠡᠭᠡᠷ᠎ᠡ ᠨᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠭᠤᠤᠯ ᠬᠦᠴᠦᠨ ᠪᠣᠯᠭᠠᠵᠤ᠂ | ︽ᠤᠯᠤᠰ ᠲᠦᠷᠦ ᠶᠢᠨ ᠵᠥᠪᠯᠡᠯᠭᠡᠨ ᠤ ᠬᠦᠴᠦᠨ︾ ᠢ ᠨᠢᠭᠲᠠᠷᠠᠭᠤᠯᠬᠤ ᠬᠡᠷᠡᠭᠲᠡᠢ︔ ᠠᠷᠠᠳ ᠤᠨ ᠠᠮᠢᠳᠤᠷᠠᠯ ᠳᠤ | ᠦᠢᠯᠡᠴᠢᠯᠡᠬᠦ ᠶᠢ ᠡᠭᠦᠷᠭᠡ ᠲᠤᠰᠢᠶᠠᠯ ᠢᠶᠠᠨ ᠦᠨᠡᠨ ᠰᠡᠳᠬᠢᠯ ᠠᠴᠠ ᠪᠠᠨ ᠭᠦᠢᠴᠡᠳᠬᠡᠬᠦ ᠶᠢᠨ ᠠᠵᠢᠯ ᠤᠨ | ᠤᠳᠤᠷᠢᠳᠤᠮᠵᠢ ᠪᠣᠯᠭᠠᠵᠤ᠂ ︽ᠤᠯᠤᠰ ᠲᠦᠷᠦ ᠶᠢᠨ ᠵᠥᠪᠯᠡᠯᠭᠡᠨ ᠤ ᠬᠠᠶᠢᠷ᠎ᠠ ᠰᠡᠳᠬᠢᠯᠭᠡ︾ ᠶᠢ ᠢᠯᠡᠷᠡᠭᠦᠯᠬᠦ | ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠥᠨᠳᠥᠷ ᠪᠦᠲᠦᠮᠵᠢᠲᠡᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠠᠵᠢᠯ ᠤᠨ ᠪᠠᠲᠤᠯᠠᠭ᠎ᠠ ᠪᠣᠯᠭᠠᠵᠤ᠂ ︽ᠤᠯᠤᠰ ᠲᠦᠷᠦ ᠶᠢᠨ ᠵᠥᠪᠯᠡᠯᠭᠡᠨ ᠤ | ᠠᠮᠢᠵᠢᠷᠠᠯ ᠤᠨ ᠬᠦᠴᠦᠨ︾ ᠢ ᠪᠠᠳᠠᠷᠠᠭᠤᠯᠬᠤ ᠬᠡᠷᠡᠭᠲᠡᠢ᠃ | ᠵᠠᠩ ᠬᠤᠸᠠ ᠬᠡᠯᠡᠬᠦ ᠳᠡᠭᠡᠨ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠶ᠎ᠡ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠲᠥᠪ ᠬᠤᠷᠢᠶᠠᠨ ᠤ ᠰᠠᠨᠠᠯ ᠢ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠤᠤᠷ᠎ᠠ᠂ ᠣᠯᠠᠨ ᠤ ᠬᠦᠰᠡᠯ ᠢ ᠬᠥᠰᠡᠷᠳᠡᠭᠦᠯᠬᠦ ᠥᠬᠡᠶ᠂ ᠡᠭᠦᠷᠭᠡ ᠬᠠᠷᠢᠭᠤᠴᠠᠯᠭ᠎ᠠ ᠪᠠᠨ | ᠭᠤᠲᠤᠭᠠᠬᠤ ᠥᠬᠡᠶ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠶᠴᠡᠳᠬᠡᠵᠦ᠂ ᠡᠷᠡᠯᠬᠡᠭ | ᠪᠠᠭᠠᠲᠤᠷᠯᠢᠭ ᠢᠶᠠᠷ ᠤᠷᠤᠭᠰᠢᠯᠠᠵᠤ᠂ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠶ᠎ᠠ︕ | |