︽ᠬᠤᠶᠠᠷ ᠬᠤᠷᠠᠯ ᠳᠤ ᠠᠩᠬᠠᠷᠤᠯ ᠢᠶᠠᠨ ᠴᠢᠭᠯᠡᠭᠦᠯᠦᠶᠡ︾ ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠦᠪᠡᠳᠡᠭᠰᠢ | ᠶᠡᠭᠡ ᠪᠠᠷ ᠡᠬᠢᠯᠡᠪᠡ | ᠡᠷᠡᠮᠡᠬᠡᠶᠢᠯᠡᠨ ᠲᠠᠪᠰᠢᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠰᠢᠨ᠎ᠡ ᠠᠶᠠᠨ ᠢᠶᠠᠨ ᠡᠬᠢᠯᠡᠭᠦᠯᠦᠯ᠎ᠡ᠃ 1 | ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠠᠷᠠᠴᠢᠨ ᠬᠤᠰᠢᠭᠤᠨ ᠤ ᠠᠷᠪᠠᠨ ᠨᠠᠶᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠵᠢᠨᠱᠠᠨ ᠰᠣᠶᠣᠯ | ᠤᠷᠠᠯᠢᠭ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ | ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠥᠬᠦ | ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠬᠤᠷᠠᠯ ᠤᠨ ᠲᠠᠯᠠᠪᠠᠶ ᠳᠤ ᠣᠷᠣᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠳᠠᠷᠬᠠᠨ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ | ᠬᠠᠮᠲᠤ ᠪᠠᠷ ᠵᠢᠷᠤᠭᠯᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠪᠡ᠃ | ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠪᠣᠷᠣᠭᠵᠢᠭᠤᠨ᠂ | ᠲᠡᠷᠢᠭᠦᠯᠡᠭᠴᠢ ᠶᠢᠨ ᠲᠠᠶᠢᠰᠠᠨ ᠤ ᠠᠷᠤ ᠲᠠᠯ᠎ᠠ ᠶᠢᠨ ᠬᠥᠰᠢᠭᠡ ᠶᠢᠨ ᠭᠤᠣᠯ ᠳᠤ᠂ ᠬᠤᠷᠴᠠ ᠤᠯᠠᠭᠠᠨ ᠲᠤᠭ ᠲᠤ ᠰᠦᠷ | ᠵᠢᠪᠬᠤᠯᠠᠩᠲᠤ ᠤᠯᠤᠰ ᠤᠨ ᠰᠦᠯᠳᠡ ᠪᠠᠭᠯᠠᠷᠠᠵᠤ ᠪᠠᠶᠢᠯ᠎ᠠ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 209 ᠬᠥᠮᠦᠨ᠂ ᠪᠣᠳᠠᠲᠠᠢ ᠣᠷᠣᠯᠴᠠᠭᠰᠠᠨ | ᠲᠥᠯᠥᠭᠡᠯᠡᠭᠴᠢ 205 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠮᠠ ᠵᠢᠩ ᠬᠤᠸᠠ ᠬᠤᠷᠠᠯ ᠢ ᠡᠷᠬᠢᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠹᠠᠩ ᠷᠦᠢ᠂ ᠵᠣᠣ ᠶᠠᠨ ᠬᠤᠩ᠂ ᠮᠠ | ᠵᠢᠩ ᠬᠤᠸᠠ᠂ ᠵᠠᠩ ᠬᠤᠸᠠ᠂ ᠵᠠᠩ ᠶᠠᠨ᠂ ᠢᠦᠶ ᠵᠢᠶᠦ᠋ᠨ ᠹᠧᠩ᠂ ᠯᠦ ᠰᠢᠸ᠋ ᠴᠢᠩ᠂ ᠪᠠᠶ ᠯᠢᠩ᠂ ᠰᠢᠤᠢ ᠵᠢᠶᠠᠨ | ᠬᠤᠶ᠂ ᠶᠧ ᠹᠧᠩ ᠭᠦᠸᠧ᠂ ᠬᠠᠨ ᠸᠧᠶ ᠼᠠᠢ᠂ ᠮᠠ ᠢᠦᠶ ᠬᠦᠶ᠂ ᠷᠦᠩ ᠰᠢ ᠹᠧᠩ ᠲᠡᠷᠢᠭᠦᠯᠡᠭᠴᠢᠳ ᠤᠨ | ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ | ᠪᠦᠷᠢᠯᠳᠦᠬᠦᠨ ᠵᠢᠴᠢ ᠬᠤᠰᠢᠭᠤᠨ ᠲᠠᠰ ᠤᠨ ᠪᠠᠭ ᠤᠨ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ | ᠃ ᠬᠤᠲᠠ ᠶᠢᠨ ᠨᠠᠮ ᠤᠨ ᠬᠤᠷᠢᠶ᠎ᠠ ᠠᠴᠠ ᠬᠠᠷᠠᠴᠢᠨ ᠬᠤᠰᠢᠭᠤᠨ ᠳᠤ ᠲᠣᠮᠢᠯᠠᠨ ᠰᠠᠭᠤᠯᠭᠠᠭᠰᠠᠨ ᠵᠢᠭᠠᠨ | ᠵᠢᠯᠣᠭᠤᠳᠬᠤ ᠰᠢᠪᠠᠳᠠᠨ ᠪᠠᠶᠢᠴᠠᠭᠠᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠮᠠ ᠵᠢᠩ ᠬᠤᠸᠠ᠄ ᠬᠠᠷᠠᠴᠢᠨ ᠬᠤᠰᠢᠭᠤᠨ ᠤ ᠠᠷᠪᠠᠨ | ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠤᠭᠰᠤᠴᠤ᠂ ᠰᠦᠷ ᠵᠢᠪᠬᠤᠯᠠᠩᠲᠤ ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠬᠤᠷᠠᠯ ᠤᠨ ᠲᠠᠯᠠᠪᠠᠢ ᠳᠤ ᠬᠠᠩᠭᠢᠨᠠᠨ ᠴᠤᠤᠷᠢᠶᠠᠲᠤᠯ᠎ᠠ᠃ | ᠵᠣᠣ ᠶᠠᠨ ᠬᠤᠩ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠪᠠ᠃ ᠢᠯᠡᠳᠬᠡᠯ ᠢ ᠨᠡᠶᠢᠳᠡ ᠲᠦᠷᠪᠡᠨ ᠬᠡᠰᠡᠭ ᠲᠤ ᠬᠤᠪᠢᠶᠠᠪᠠ | ᠄ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ︔ ᠬᠤᠶᠢᠰᠢᠳᠠ ᠶᠢᠨ ᠲᠠᠪᠤᠨ ᠵᠢᠯ ᠤᠨ | ᠬᠥᠭᠵᠢᠯᠲᠡ ᠶᠢᠨ ᠠᠯᠤᠰ ᠤᠨ ᠲᠥᠯᠥᠪ︔ 2022 ᠣᠨ ᠤ ᠠᠵᠢᠯ ᠤᠨ ᠲᠣᠬᠢᠷᠠᠭᠤᠯᠤᠯᠲᠠ︔ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠴᠢᠩᠭᠠᠳᠬᠠᠯ᠃ | ᠵᠣᠣ ᠶᠠᠨ ᠬᠤᠩ ᠬᠡᠯᠡᠬᠦ ᠳᠡᠭᠡᠨ᠂ ᠳᠥᠷᠪᠡᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠰᠢᠭᠤᠨ ᠤ ᠤᠯᠤᠰ ᠳᠦᠷᠤ ᠶᠢᠨ ᠵᠦᠪᠯᠠᠯᠭᠠ ᠤ | ᠬᠢᠨᠠᠯᠲᠠ ᠳᠡᠮᠵᠢᠯᠭᠡ ᠳᠤᠤᠷ᠎ᠠ᠂ ᠪᠢᠲᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠡᠷᠡᠯᠬᠡᠭᠯᠡᠨ ᠤᠷᠤᠭᠰᠢᠯᠠᠵᠤ᠂ | ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠣᠯᠤᠨ ᠴᠣᠴᠢᠮᠠᠭ ᠡᠭᠦᠰᠦᠭᠰᠡᠨ ᠰᠢᠨ᠎ᠡ ᠲᠢᠳᠡᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠲᠠᠭᠠᠷᠢᠯᠲᠠ ᠶᠢ ᠯᠠᠪᠳᠠᠭᠤᠨ ᠢᠶᠠᠷ ᠠᠷᠭᠠᠴᠠᠨ᠂ ᠳᠣᠰ ᠬᠤᠭᠤᠴᠠᠭᠠᠨ ᠤ ᠵᠠᠰᠠᠭ ᠤᠨ | ᠣᠷᠳᠣᠨ ᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠭᠦ | ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠢᠭᠵᠢᠭᠰᠡᠨ ᠰᠢᠨ᠎ᠡ ᠪᠠᠶᠢᠳᠠᠯ ᠢ ᠪᠤᠢ | ᠪᠣᠯᠭᠠᠪᠠ᠃ | ᠢᠯᠡᠳᠬᠡᠯ ᠳᠤ 2021 ᠣᠨ ᠤ ᠠᠵᠢᠯ ᠢ ᠳ᠋ᠦᠩᠨᠡᠪᠡ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠠᠳᠬᠤᠵᠤ᠂ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ︔ ᠠᠷᠪᠠᠨ | ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ | ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠣᠭᠲᠠᠭᠠᠵᠤ᠂ ᠬᠦᠴᠦ ᠪᠠᠨ ᠲᠥᠪᠯᠡᠷᠡᠭᠦᠯᠦᠨ ︽ᠨᠢᠭᠡ ᠬᠥᠳᠡᠭᠡ ᠠᠵᠤ | ᠠᠬᠤᠢ ᠬᠤᠶᠠᠷ ᠢ ᠠᠭᠤᠰᠤᠯᠴᠠᠭᠤᠯᠬᠤ ᠭᠤᠷᠪᠠᠨ ᠠᠵᠤ ᠦᠢᠯᠡᠳᠪᠦᠷᠢ︾ ᠶᠢᠨ ᠵᠢᠷᠭᠤᠭᠠᠨ ᠶᠡᠭᠡ ᠲᠠᠪᠴᠠᠩ ᠪᠣᠯᠤᠨ | ᠶᠢᠰᠦᠨ ᠶᠡᠭᠡ ᠤᠨᠴᠠᠯᠢᠬᠳᠤ ᠭᠤᠣᠯᠯᠠᠭᠴᠢ ᠠᠵᠤ ᠦᠢᠯᠡᠰ ᠢ ᠴᠣᠭᠴᠠᠯᠠᠨ ᠪᠠᠶᠢᠭᠤᠯᠤᠨ᠎ᠠ︔ ︽ᠲᠥᠷᠥᠯ ᠵᠦᠶᠯ ᠢᠶᠠᠷ | ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠶᠯ ᠢ ᠨᠥᠭᠡᠴᠡᠯᠡᠬᠦ᠂ ᠮᠥᠷᠳᠡᠬᠦ᠂ | ᠨᠠᠶᠢᠳᠠᠪᠤᠷᠢᠵᠢᠭᠤᠯᠬᠤ᠂ ᠪᠥᠲᠥᠭᠡᠨ ᠪᠠᠶᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ︔ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ ᠵᠠᠰᠠᠯᠲᠠ ᠪᠠ | ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ︔ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ | ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ︔ ᠬᠦᠴᠦᠨ ᠢᠶᠠᠨ ᠠᠰᠢᠭᠯᠠᠨ | ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠰᠢᠨ᠎ᠡ ᠰᠣᠷᠭᠤᠭ ᠬᠠᠷᠠᠴᠢᠨ᠂ ᠡᠷᠡᠭᠦᠯ ᠡᠩᠬᠡ | ᠠᠮᠢ ᠠᠬᠤᠶ ᠶᠢᠨ ᠵᠢᠭᠤᠯᠴᠢᠯᠠᠯ︾ ᠤᠨ ᠠᠭᠤᠯᠤᠭᠳᠠᠬᠤᠨ ᠨᠢ ᠨᠠᠩ ᠡᠯᠪᠡᠭ ᠪᠠᠶᠠᠯᠢᠭ ᠪᠣᠯᠵᠣ᠂ ᠠᠭᠤᠯᠬᠤᠨ ᠨᠢ | ᠲᠠᠰᠤᠷᠠᠯᠲᠠ ᠥᠬᠡᠶ ᠥᠷᠭᠡᠵᠢᠪᠡ ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠶ ᠶᠢ | ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠂ ᠤᠯᠠᠭᠠᠨᠬᠠᠳᠠ ᠬᠤᠲᠠ ᠶᠢᠨ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ︽ᠵᠢᠷᠭᠤᠭᠠᠨ | ᠤᠯᠠᠭᠠᠨᠬᠠᠳᠠ︾ ︽ᠬᠤᠣᠰ ᠣᠳᠣᠨ ᠣᠷᠣᠨ︾ ᠤ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ | ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠶ ᠶᠢ ᠰᠢᠯᠢᠳᠡᠭᠵᠢᠭᠦᠯᠬᠦ᠂ ᠬᠥᠭᠵᠢᠯᠲᠡ ᠶᠢ | ᠠᠳᠬᠤᠬᠤ᠂ ᠰᠠᠭᠤᠷᠢ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ᠂ ᠲᠣᠭᠲᠠᠭᠤᠨ ᠪᠠᠶᠢᠳᠠᠯ ᠢ ᠪᠠᠲᠤᠯᠠᠬᠤ ᠪᠠᠷ ᠬᠦᠴᠦᠯᠡᠨ ᠴᠢᠷᠮᠠᠶᠢᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ | ᠡᠭᠦᠳᠴᠦ᠂ ᠰᠢᠨ᠎ᠡ ᠰᠣᠷᠭᠤᠭ ᠡᠷᠡᠭᠦᠯ ᠴᠢᠭᠢᠷᠠᠭ᠂ ᠪᠠᠶᠠᠨ ᠴᠢᠨᠡᠭᠡᠯᠢᠭ ᠡᠶ᠎ᠡ ᠵᠣᠬᠢᠴᠠᠯ ᠲᠠᠢ᠂ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠠᠷᠠᠴᠢᠨ ᠢ ᠴᠢᠷᠮᠠᠶᠢᠨ ᠪᠥᠲᠥᠭᠡᠨ ᠪᠠᠶᠢᠭᠤᠯᠤᠨ᠎ᠠ᠃ | ᠵᠣᠣ ᠶᠠᠨ ᠬᠤᠩ ᠬᠡᠯᠡᠭᠰᠡᠨ ᠨᠢ᠂ 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ | ᠡᠭᠦᠷᠭᠡ ᠲᠤᠰᠢᠶᠠᠯ ᠢᠶᠠᠨ ᠭᠦᠶᠴᠡᠳᠬᠡᠬᠦ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠭᠦᠨᠵᠡᠭᠡᠶᠢᠷᠡᠭᠦᠯᠬᠦ ᠵᠢᠯ ᠮᠥᠨ᠂ ᠪᠠᠰᠠ ᠴᠤ ᠨᠠᠮ ᠤᠨ ᠬᠤᠷᠢᠳᠤᠭᠠᠷ ᠶᠡᠭᠡ ᠬᠤᠷᠠᠯ ᠢ | ᠬᠤᠷᠠᠯᠳᠤᠭᠤᠯᠬᠤ ᠵᠢᠯ ᠮᠥᠨ᠃ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠣᠳᠣᠬᠠᠨ ᠤ ᠪᠣᠳᠠᠲᠤ ᠠᠬᠤᠶ ᠶᠢᠨ ᠰᠠᠭᠤᠷᠢ ᠪᠣᠯᠤᠨ ᠠᠯᠤᠰ ᠬᠡᠳᠦ ᠶᠢᠨ ᠳᠠᠪᠠᠯᠲᠠ ᠲᠠᠢ ᠬᠥᠭᠵᠢᠯᠲᠡ ᠶᠢ | ᠶᠡᠷᠦᠩᠬᠡᠶᠢᠯᠡᠨ ᠪᠣᠳᠣᠯᠬᠢᠯᠠᠵᠤ᠂ ᠡᠨᠡ ᠵᠢᠯ ᠤᠨ ᠭᠦᠶᠴᠡᠳᠬᠡᠯ ᠲᠤᠭ᠎ᠠ ᠶᠢᠨ ᠡᠭᠦᠷᠭᠡ ᠴᠥᠮ ᠪᠥᠬᠦ ᠬᠤᠲᠠ ᠶᠢᠨ | ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠶᠯᠡᠳᠪᠦᠷᠢᠯᠡᠯ ᠤᠨ ᠪᠥᠬᠦ ᠥᠷᠲᠡᠭ ᠢ 6.5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ | 11% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% ᠪᠠ 7.5% ᠣᠷᠴᠢᠮ ᠨᠡᠮᠡᠭᠳᠡᠭᠦᠯᠦᠨ᠎ᠡ᠃ | ᠢᠯᠡᠳᠬᠡᠯ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠲᠦᠷᠢ ᠲᠥᠷᠬᠦ ᠶᠢ ᠪᠤᠢ ᠪᠣᠯᠭᠠᠵᠤ᠂ ᠬᠡᠪ ᠰᠤᠷᠲᠠᠯ ᠢᠶᠠᠨ ᠳᠠᠪᠲᠠᠨ | ᠪᠣᠯᠪᠠᠰᠤᠷᠠᠭᠤᠯᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠥᠪ ᠭᠤᠣᠯᠴᠢ ᠠᠷᠢᠭᠤᠨ ᠴᠢᠬᠡᠴᠢ ᠪᠠᠷ | ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ | ᠵᠣᠣ ᠶᠠᠨ ᠬᠤᠩ ᠬᠡᠯᠡᠬᠦ ᠳᠡᠭᠡᠨ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠣᠮᠤᠭ ᠲᠡᠭᠦᠯᠳᠡᠷ ᠢᠶᠠᠷ ᠰᠢᠨ᠎ᠡ ᠠᠶᠠᠨ ᠳᠠᠭᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ ᠲᠠᠬᠢᠨ ᠮᠣᠷᠳᠠᠵᠤ᠂ | ᠬᠠᠷᠠᠴᠢᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕ | ᠶᠡᠭᠡ ᠬᠤᠷᠠᠯ ᠠᠴᠠ ︽ᠬᠠᠷᠠᠴᠢᠨ ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠶᠴᠡᠳᠬᠡᠭᠰᠡᠨ ᠪᠠᠶᠢᠳᠠᠯ ᠬᠢᠭᠡᠳ 2022 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾ ︽ | ᠬᠠᠷᠠᠴᠢᠨ ᠬᠤᠰᠢᠭᠤᠨ ᠤ 2021 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠪᠠ | 2022 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠮᠡᠳᠡᠭᠦᠯᠦᠯᠲᠡ︾ ᠶᠢ ᠪᠢᠴᠢᠭ ᠤᠨ | ᠬᠡᠯᠪᠡᠷᠢ ᠪᠠᠷ ᠬᠢᠨᠠᠨ ᠪᠠᠶᠢᠴᠠᠭᠠᠪᠠ᠃ | ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠭᠰᠠᠨ ᠭᠡᠰᠢᠭᠦᠳ ᠡᠨᠡ ᠤᠳᠠᠭ᠎ᠠ ᠶᠢᠨ ᠬᠤᠷᠠᠯ ᠳᠤ ᠰᠤᠯᠠ | ᠣᠷᠣᠯᠴᠠᠵᠠᠶ᠃ | |